ᠪᠠᠶᠠᠨᠪᠤᠭᠳᠠ ᠤᠪᠤᠭᠠᠨ ᠲᠠᠬᠢᠯᠭ᠎ᠠ ᠵᠤᠷᠰᠢᠯ ᠶᠤᠰᠤᠭᠠᠷ ᠶᠠᠪᠤᠭᠳᠠᠯ᠎ᠠ
ᠨᠡᠶᠢᠲᠡᠯᠡᠭᠰᠡᠨ ᠴᠠᠭ᠄
2021/6/23
     ᠲᠠᠯᠠᠢ ᠶᠡᠭᠡ ᠠᠵᠠ ᠬᠡᠶᠢᠮᠤᠷᠢ ᠶᠢᠨ  ᠲᠠᠯᠠᠯᠠᠭ᠎ᠠ ᠲᠠᠢ      ᠪᠠᠶᠠᠨᠤᠪᠤᠭ᠎ᠠ ᠤᠪᠤᠭᠠᠨ ᠲᠠᠬᠢᠯᠭ᠎ᠠ ᠪᠤᠯ ᠵᠢᠯ ᠪᠦᠷᠢ ᠶᠢᠨ ᠪᠢᠯᠢᠭ ᠤᠨ ᠤᠯᠠᠷᠢᠯ ᠤᠨ5 ᠰᠠᠷ᠎ᠠ ᠶᠢᠨ13 ᠤ ᠡᠳᠦᠷ ᠲᠤ ᠵᠤᠷᠰᠢᠯ ᠶᠤᠰᠤᠭᠠᠷ ᠨᠤᠳᠤᠭ ᠤᠰᠤᠨ ᠤ ᠠᠬᠠᠰ ᠵᠠᠬᠠᠰ᠂ ᠪᠦᠬᠦ ᠬᠤᠰᠢᠭᠤᠨ ᠤ12 ᠰᠤᠮᠤ ᠰᠢᠶᠠᠩ ᠪᠠᠯᠭᠠᠰᠤ ᠶᠢᠨ ᠬᠢᠨ ᠬᠠᠮᠳᠤᠷᠠᠨ ᠲᠠᠬᠢᠭᠰᠠᠭᠠᠷ ᠢᠷᠡᠭᠰᠡᠨ ᠬᠦᠨᠳᠦᠳᠦ ᠰᠢᠳᠦᠭᠡᠨᠳᠦ ᠬᠠᠶᠢᠷᠠᠬᠠᠨ ᠪᠢᠯᠡ᠃      ᠨᠤᠳᠤᠭ ᠤᠰᠤᠨ ᠤ ᠪᠠᠨ ᠨᠠᠪᠳᠠᠭ ᠱᠠᠪᠳᠠᠭ ᠲᠤ ᠪᠠᠨ ᠲᠠᠭᠠᠳᠬᠠᠨ᠂ ᠬᠦᠮᠦᠨ ᠤᠯᠠᠨ ᠤ ᠪᠠᠨ ᠨᠠᠷᠠᠨ ᠬᠡᠶᠢᠮᠤᠷᠢ ᠶᠢ ᠰᠡᠷᠭᠦᠭᠡᠵᠦ᠂ ᠡᠪ ᠵᠤᠬᠢᠴᠠᠯᠳᠦ ᠨᠡᠶᠢᠭᠡᠮ ᠤᠨ ᠪᠦᠯᠬᠦᠯᠳᠡᠯ ᠢ ᠠᠬᠢᠭᠤᠯᠵᠦ᠂ ᠦᠷ᠎ᠡ ᠬᠤᠶᠢᠴᠢᠰ ᠲᠤ  ᠪᠠᠨ ᠦᠪ ᠰᠤᠶᠤᠯ ᠢᠶᠠᠨ ᠦᠯᠡᠳᠡᠭᠡᠵᠦ᠂ ᠲᠡᠥᠬᠡ ᠰᠤᠶᠤᠯ ᠤᠨ ᠶᠤᠰᠤ ᠰᠤᠷᠳᠠᠬᠤᠨ ᠢ ᠡᠷᠬᠢᠮᠯᠡᠨ᠂ ᠲᠤᠮᠳᠠᠳᠦ ᠶᠢᠨ ᠦᠨᠳᠦᠰᠦᠳᠡᠨ ᠤ ᠬᠠᠮᠳᠦ  ᠴᠤᠭᠴᠠ ᠶᠢᠨ ᠤᠬᠠᠮᠰᠠᠷ   ᠢ ᠪᠠᠳᠤᠳᠬᠠᠬᠤ ᠪᠠᠷ ᠦᠨᠦᠳᠦᠷ ᠪᠢᠳᠡ ᠪᠠᠶᠠᠨᠪᠤᠭᠳᠠ ᠤᠪᠤᠭᠠᠨ ᠲᠠᠭᠡᠷ᠎ᠡ  ᠲᠡᠥᠬᠡ ᠪᠠᠨ ᠰᠠᠨᠠᠭᠠᠯᠵᠠᠵᠦ᠂ ᠰᠠᠶᠢᠨ ᠰᠠᠶᠢᠬᠠᠨ ᠦᠯᠢᠭᠡᠷ ᠲᠤᠷᠠᠰᠤᠮᠵᠢ ᠶᠢ  ᠦᠷᠭᠦᠯᠵᠢᠯᠡᠭᠦᠯᠦᠨ ᠂ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠤᠭᠬᠠᠵᠦ᠂ ︽ᠰᠡᠳᠭᠢᠯ ᠨᠢᠭᠡᠳᠦᠨ ᠬᠦᠴᠦ ᠪᠠᠨ ᠬᠠᠮᠳᠤᠳᠬᠠᠵᠦ᠂ ᠪᠤᠭᠤᠳᠦ ᠶᠢᠨ ᠪᠤᠯᠤᠳ ᠲᠡᠮᠦᠷ ᠤᠨ ᠺᠤᠮᠫᠠᠨᠢ ᠶᠢ ᠪᠦᠳᠦᠭᠡᠨ ᠪᠠᠶᠢᠭᠤᠯᠬᠤ︾ ᠬᠡᠭᠦ ᠲᠡᠥᠬᠡᠨ ᠠᠵᠢᠯᠯᠠᠭ᠎ᠠ ᠶᠢ ᠲᠠᠬᠢᠨᠳᠠ ᠦᠷᠨᠢᠭᠦᠯᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ   ᠨᠦᠭᠦᠳ ᠤᠨ ᠦᠬᠢᠳ ᠬᠦᠪᠡᠭᠦᠳ ᠤᠨ ᠰᠡᠳᠭᠢᠯ ᠵᠢᠷᠦᠭᠡ ᠪᠠᠨ ᠬᠤᠯᠪᠤᠵᠦ᠂ ᠬᠠᠳᠠᠭᠤ  ᠪᠡᠷᠬᠡᠰᠢᠶᠡᠯ ᠢ ᠬᠠᠮᠳᠦ ᠪᠠᠷ ᠲᠤᠭᠤᠯᠬᠤ ᠵᠤᠷᠢᠭ ᠰᠠᠨᠠᠭ᠎ᠠ ᠶᠢ ᠤᠯᠠᠮᠵᠢᠯᠠᠨ ᠦᠷᠨᠢᠭᠦᠯᠦᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号