ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠬᠤᠷᠢᠶ᠎ᠠ ᠬᠤᠷᠠᠯ ᠬᠤᠷᠠᠯᠳᠤᠭᠤᠯᠵᠤ 2021 ᠣᠨ ᠤ ᠵᠤᠨ ᠤ ᠤᠯᠠᠷᠢᠯ ᠤᠨ ᠵᠤᠭᠠᠴᠠᠯ ᠤᠨ ᠨᠠᠭᠠᠳᠤᠮ ᠤᠨ ᠬᠤᠷᠠᠯ ᠤᠨ ᠪᠡᠯᠡᠳᠬᠡᠯ ᠵᠡᠷᠭᠡ ᠠᠵᠢᠯ ᠢ ᠪᠠᠶᠢᠷᠢᠯᠠᠭᠤᠯᠪᠠ ᠵᠢᠶᠠ ᠪᠦᠦ ᠯᠢᠶᠠᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2021/6/24
     6 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠱᠢ ᠲᠠᠢ  ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠠᠭᠤᠰᠬᠢᠨ ᠦᠷᠪᠢᠰᠦᠯ ᠢ ᠡᠰᠡᠷᠭᠦᠴᠡᠬᠦ ᠬᠢᠵᠢᠭ ᠤᠨ ᠪᠠᠶᠢᠳᠠᠯ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶᠠᠨ ᠤ 247  ᠳ᠋ᠤᠭᠠᠷ ᠤᠳᠠᠭᠠᠨ ᠤ ᠬᠤᠷᠠᠯ᠂ 248  ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠰᠢᠭᠤᠨ ᠤ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠠᠵᠢᠯᠯᠠᠭ᠎ᠠ᠂ 2021 ᠣᠨ ᠤ ᠥᠪᠡᠷᠲᠡᠭᠡᠨ ᠵᠠᠰᠠᠬᠤ ᠣᠷᠣᠨ ᠤ ᠵᠣᠨ ᠤ ᠤᠯᠠᠷᠢᠯ ᠤᠨ ᠵᠢᠭᠤᠯᠴᠢᠯᠠᠯ ᠤᠨ ᠨᠠᠭᠠᠳᠤᠮ ᠤᠨ ᠬᠤᠷᠠᠯ ᠤᠨ ᠪᠡᠯᠡᠳᠬᠡᠯ᠂ ᠠᠵᠤ ᠠᠬᠤᠶ ᠶᠢᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠮᠠᠨᠳᠤᠯ ᠪᠣᠭᠤᠮᠲᠠ ᠶᠢᠨ ᠪᠥᠲᠥᠭᠡᠨ ᠪᠠᠶᠢᠭᠤᠯᠤᠯᠲᠠ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠪᠡ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠮᠥᠨ ᠴᠦ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠪᠥᠬᠦ ᠬᠤᠰᠢᠭᠤ ᠪᠠᠷ ᠢᠶᠠᠨ ᠡᠨᠡᠬᠦ ᠵᠠᠩᠭᠢᠯᠠᠭ᠎ᠠ ᠶᠢᠨ ᠴᠡᠭ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶ ᠶᠢᠨ ᠠᠵᠢᠯᠯᠠᠭᠠᠨ ᠂ ᠠᠶᠤᠯᠭᠦᠶ ᠦᠶ᠋ᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠵᠡᠷᠭᠡ ᠭᠤᠤᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠨ ᠨᠠᠷᠢᠨ ᠨᠢᠮᠪᠠᠶ ᠠᠳᠬᠤᠬᠤ ᠬᠡᠷᠡᠭᠲᠡᠶ᠃ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠰᠠᠭᠤᠳᠠᠯ ᠤᠨ ᠤᠬᠠᠮᠰᠠᠷ᠂ ᠬᠤᠷᠢᠭ᠎ᠠ ᠱᠤᠭᠤᠮ ᠤᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠬᠥᠭᠵᠢᠯᠲᠡ ᠪᠣᠯᠤᠨ ᠠᠮᠤᠷ ᠲᠦᠪᠰᠢᠨ᠂ ᠬᠥᠭᠵᠢᠯᠲᠡ ᠪᠣᠯᠤᠨ ᠲᠣᠭᠲᠠᠭᠤᠨ ᠢ ᠨᠢᠭᠡᠳᠦᠯᠲᠡᠢ ᠲᠥᠯᠥᠪᠵᠢᠭᠦᠯᠵᠦ᠂ ᠰᠤᠷᠭᠠᠮᠵᠢ ᠠᠪᠴᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ᠃ ᠬᠠᠤᠯᠢ ᠶᠣᠰᠣᠭᠠᠷ ᠪᠦᠷᠢᠳᠬᠡᠬᠦ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠬᠠᠷᠢᠭᠤᠴᠠᠵᠤ᠂ ᠨᠢᠭᠲᠠ ᠬᠠᠮᠵᠢᠯᠴᠠᠨ᠂ ︽ᠳᠣᠯᠣᠭᠠᠨ ᠰᠠᠷ᠎ᠠ ᠶᠢᠨ ᠨᠢᠭᠡᠨ︾ ᠤ ᠠᠵᠢᠯᠯᠠᠭ᠎ᠠ ᠶᠢᠨ ︽ᠨᠠᠮ ᠤᠨ ᠦᠪᠡᠳᠡᠭᠰᠢ ᠶᠣᠰᠣᠯᠠᠯ᠂ ᠠᠷᠠᠳ ᠤᠨ ᠪᠠᠶᠠᠷ ᠤᠨ ᠡᠳᠦᠷ︾ ᠢ ᠪᠡᠯᠭᠡᠯᠡᠬᠦ ᠦᠨᠳᠦᠰᠦᠨ ᠬᠥᠭ ᠠᠶᠠᠰ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠰᠢᠵᠦ᠂ ᠬᠦᠴᠢᠷᠳᠡᠯᠲᠡᠶ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ᠂ ᠣᠯᠠᠨ ᠬᠡᠯᠪᠡᠷᠢ ᠶᠢᠨ ᠤᠬᠠᠭᠤᠯᠭ᠎ᠠ ᠪᠠ ᠰᠣᠶᠣᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠮ ᠤᠨ ᠵᠠᠭᠤᠨ ᠵᠢᠯ ᠤᠨ ᠬᠡᠷᠡᠯ ᠰᠠᠴᠤᠷᠠᠩᠭᠤᠶ ᠥᠩᠭᠡᠷᠡᠯᠲᠡ ᠪᠠ ᠳ᠋ᠠ ᠮᠤᠤ ᠶᠢᠨ ᠣᠯᠤᠭᠰᠠᠨ ᠲᠦᠷᠭᠡᠨ ᠳᠠᠪᠰᠢᠯᠲᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠠᠵᠢᠯᠯᠠᠭᠠᠨ ᠤ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠨᠠᠮ ᠢᠶᠠᠨ ᠳᠣᠲᠣᠨᠣᠴᠢᠯᠠᠵᠤ ᠨᠠᠮ ᠢᠶᠠᠨ ᠬᠠᠶᠢᠷᠠᠯᠠᠵᠤ ᠨᠠᠮ ᠢᠶᠠᠨ ᠬᠠᠮᠠᠭᠠᠯᠠᠬᠤ ᠰᠡᠳᠬᠢᠯᠭᠡ ᠶᠢ ᠨᠡᠮᠡᠭᠳᠡᠭᠦᠯᠵᠦ᠂ ᠪᠥᠬᠦ ᠬᠤᠰᠢᠭᠤ ᠪᠠᠷ ᠢᠶᠠᠨ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ᠃       ᠬᠤᠷᠠᠯ ᠠᠴᠠ ᠴᠢᠬᠤᠯᠠᠴᠢᠯᠠᠭᠰᠠᠨ ᠨᠢ᠂ ᠰᠣᠶᠣᠯ ᠵᠢᠭᠤᠯᠴᠢᠯᠠᠯ ᠤᠨ ᠠᠵᠤ ᠦᠶ᠋ᠯᠡᠰ ᠨᠢ ᠮᠠᠨ ᠤ ᠬᠤᠰᠢᠭᠤᠨ ᠤ ᠲᠤᠯᠭᠠᠭᠤᠷᠢ ᠠᠵᠤ ᠦᠶ᠋ᠯᠡᠰ ᠤᠨ ᠨᠢᠭᠡ ᠪᠣᠯᠤᠭᠰᠠᠨ ᠤ ᠬᠤᠪᠢ ᠳᠤ᠂ ᠮᠠᠨ ᠤ ᠬᠤᠰᠢᠭᠤᠨ ᠤ ᠭᠠᠳᠠᠭᠠᠳᠤ ᠳᠤ ᠦᠵᠡᠭᠦᠯᠬᠦ ᠳᠦᠷᠢ ᠲᠥᠷᠬᠦ ᠶᠢᠨ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠲᠣᠰ ᠤᠳᠠᠭᠠᠨ ᠤ 2021 ᠣᠨ ᠤ ᠵᠣᠨ ᠤ ᠤᠯᠠᠷᠢᠯ ᠤᠨ ᠵᠢᠭᠤᠯᠴᠢᠯᠠᠯ ᠤᠨ ᠨᠠᠭᠠᠳᠤᠮ ᠤᠨ ᠶᠡᠭᠡ ᠬᠤᠷᠠᠯ ᠢ ᠳᠠᠭᠠᠭᠠᠴᠢᠯᠠᠨ ᠡᠷᠭᠢᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠪᠥᠬᠦ ᠬᠤᠰᠢᠭᠤᠨ ᠤ ᠬᠦᠴᠦᠨ ᠢ ᠪᠠᠳᠠᠷᠠᠭᠤᠯᠤᠨ᠂ ᠪᠥᠬᠦ ᠬᠤᠰᠢᠭᠤᠨ ᠤ ᠣᠶᠤᠨ ᠢ ᠲᠥᠪᠯᠡᠷᠡᠭᠦᠯᠵᠦ᠂ ᠡᠯ᠎ᠡ ᠵᠦᠶ᠋ᠯ ᠤᠨ ᠪᠡᠯᠡᠳᠬᠡᠯ ᠠᠵᠢᠯ ᠢ ᠨᠠᠷᠢᠯᠢᠭ ᠪᠥᠭᠡᠳ ᠪᠣᠳᠠᠲᠠᠶ ᠪᠠᠷ ᠬᠢᠬᠦ ᠬᠡᠷᠡᠭᠲᠡᠶ᠃ ᠠᠵᠢᠯᠯᠠᠭ᠎ᠠ ᠶᠢ ᠤᠬᠠᠭᠠᠯᠠᠨ ᠰᠡᠳᠦᠬᠦ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ᠂ ᠤᠬᠠᠭᠤᠯᠤᠨ ᠮᠡᠳᠡᠭᠡᠯᠡᠬᠦ ᠵᠡᠷᠭᠡ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠶᠡᠭᠡ ᠬᠤᠷᠠᠯ ᠤᠨ ᠲᠡᠭᠦᠰ ᠠᠮᠵᠢᠯᠲᠠ ᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ᠃ ᠡᠨᠡ ᠤᠳᠠᠭ᠎ᠠ ᠶᠢᠨ ᠬᠥᠭᠵᠢᠯᠲᠡ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠳ᠋ᠠ ᠮᠤᠤ ᠶᠢᠨ ᠣᠷᠴᠢᠨ ᠲᠣᠭᠤᠷᠢᠨ ᠢ ᠲᠠᠨᠢᠯᠴᠠᠭᠤᠯᠵᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ ᠴᠢᠬᠤᠯᠠ ᠶᠡᠭᠡ ᠲᠦᠷᠦᠯ ᠵᠦᠢᠯ ᠳᠤ ᠭᠡᠷ᠎ᠡ ᠲᠣᠭᠲᠠᠬᠤ ᠶᠢ ᠬᠡᠷᠡᠭᠵᠢᠭᠦᠯᠵᠦ᠂ ᠳ᠋ᠠ ᠮᠤᠤ ᠶᠢᠨ ᠬᠥᠭᠵᠢᠯᠲᠡ ᠶᠢᠨ ᠦᠷ᠎ᠡ ᠪᠦᠲᠦᠭᠡᠯ ᠪᠣᠯᠤᠨ ᠠᠯᠤᠰ ᠢᠷᠡᠭᠡᠳᠦᠢ ᠶᠢ ᠭᠠᠳᠠᠭᠠᠳᠤ ᠶᠢᠨ ᠬᠢᠨ ᠳᠤ ᠦᠵᠡᠭᠦᠯᠵᠦ᠂ ᠳ᠋ᠠ ᠮᠤᠤ ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠪᠠ ᠳᠡᠮᠵᠢᠬᠦ ᠢᠳᠡᠪᠬᠢᠵᠢᠯ ᠢ ᠭᠦᠢᠴᠡᠳ ᠬᠥᠭᠵᠢᠭᠡᠬᠦ ᠬᠡᠷᠡᠭᠲᠡᠢ᠃       ᠬᠤᠷᠠᠯ ᠠᠴᠠ ᠱᠠᠭᠠᠷᠳᠠᠭᠰᠠᠨ ᠨᠢ᠂ ᠣᠳᠣᠬᠠᠨ ᠳᠤ ᠪᠦᠭᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠭ᠎ᠠ ᠪᠣᠯᠪᠠᠴᠤ ᠲᠣᠭᠲᠠᠭᠰᠠᠨ ᠬᠠᠷᠠᠯᠲᠠ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠮᠠᠨᠳᠤᠯ᠎ᠠ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠭᠠᠳᠠᠭᠠᠳᠤ ᠨᠡᠬᠡᠬᠡᠯᠳᠡ ᠶᠢ ᠲᠦᠷᠭᠡᠨ ᠠᠬᠢᠭᠤᠯᠵᠤ᠂ ᠬᠠᠲᠠᠭᠤ ᠪᠡᠷᠬᠡ ᠶᠢ ᠬᠦᠨᠳᠡᠬᠦ ᠡᠷᠴᠢ ᠵᠣᠷᠢᠭ ᠪᠣᠯᠤᠨ ᠡᠭᠦᠷᠭᠡᠯᠡᠨ ᠪᠣᠳᠠᠲᠠᠢ ᠠᠵᠢᠯᠯᠠᠬᠤ ᠰᠤᠷᠲᠠᠯ ᠢᠶᠠᠷ ᠲᠠᠬᠢᠨ ᠳᠠᠷᠤᠯᠲᠠ ᠥᠭᠴᠦ᠂ ᠲᠠᠬᠢᠨ ᠴᠢᠷᠮᠠᠶᠢᠵᠤ᠂ ᠡᠯ᠎ᠡ ᠲᠦᠷᠦᠯ ᠤᠨ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠲᠡᠷᠢᠭᠦᠨ ᠳᠤ ᠣᠷᠣᠭᠤᠯᠬᠤ ᠪᠠᠷ ᠴᠢᠷᠮᠠᠶᠢᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠠᠵᠢᠯ ᠤᠨ ᠲᠥᠰᠦᠯ︾᠂ ︽2021 ᠣᠨ ᠤ ᠥᠪᠡᠷᠲᠡᠭᠡᠨ ᠵᠠᠰᠠᠬᠤ ᠣᠷᠣᠨ ᠤ ᠵᠤᠨ ᠤ ᠤᠯᠠᠷᠢᠯ ᠤᠨ ᠵᠤᠭᠠᠴᠠᠯ ᠤᠨ ᠨᠠᠭᠠᠳᠤᠮ ᠤᠨ ᠬᠤᠷᠠᠯ ᠤᠨ ᠭᠦᠢᠴᠡᠳᠬᠡᠬᠦ ᠲᠥᠰᠦᠯ︾᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号