| 6 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ | ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢᠦ ᠮᠢᠨ ᠨᠡᠷ ᠮᠠᠨ ᠤ ᠬᠤᠰᠢᠭᠤᠨ ᠳᠤ ᠭᠦᠨᠵᠡᠭᠡᠶᠢᠷᠡᠵᠦ᠂ ᠤᠯᠤᠰ | ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠤᠶᠠᠳᠤᠭᠠᠷ ᠭᠤᠭᠴᠤᠭ᠎ᠠ ᠶᠢᠨ ᠦᠨᠡᠯᠡᠨ | ᠵᠢᠱᠢᠬᠦ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠬᠦ ᠶᠢᠨ ᠬᠠᠮᠲᠤ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠵᠦ᠂ ᠶᠤᠸᠠᠨ ᠹᠠᠨ᠂ ᠶᠣᠣ ᠫᠸᠢ | ᠴᠢᠩ᠂ ᠵᠣᠣ ᠯᠢᠶᠠᠩ᠂ ᠵᠧᠤ ᠯᠢ ᠵᠢᠶᠦ᠋ᠨ᠂ ᠸᠠᠩ ᠵᠢᠶᠠᠨ ᠬᠤᠸᠠ ᠵᠢᠴᠢ ᠤᠯᠤᠰ ᠲᠥᠷᠥ ᠬᠠᠤᠯᠢ ᠴᠠᠭᠠᠵᠠ ᠶᠢᠨ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠬᠤᠷᠠᠯ ᠳᠡᠭᠡᠷ᠎ᠡ ᠵᠢᠶᠠ ᠪᠦᠦ ᠯᠢᠶᠠᠩ ᠮᠠᠨ ᠤ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ | ᠡᠩᠨᠡᠭᠡᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠶᠡᠷᠦᠩᠬᠡᠶ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠬᠢᠵᠦ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠠᠷᠢᠭᠤᠴᠠᠯᠭᠠᠲᠠᠨ ᠠᠴᠠ ᠲᠤᠰ | ᠨᠢᠭᠡᠴᠡ ᠶᠢᠨ ᠢᠶᠠᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠬᠢᠵᠡᠶ᠃ | | ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠳᠤᠭᠤᠶᠢᠯᠠᠩ ᠤᠨ ᠳᠠᠷᠤᠭ᠎ᠠ | ᠯᠢᠦ ᠮᠢᠨ ᠮᠠᠨ ᠤ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠰᠤᠷᠭᠠᠨ ᠬᠥᠮᠦᠵᠢᠯ ᠤᠨ | ᠴᠡᠭᠴᠡᠯᠡᠯᠲᠡ ᠶᠢᠨ ᠠᠵᠢᠯ ᠢ ᠭᠦᠶ᠋ᠴᠡᠳ ᠨᠤᠲᠠᠯᠠᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠤᠨ ᠲᠠᠯ᠎ᠠ ᠪᠠᠷ | ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠲᠡᠷᠡ᠂ ᠢᠮᠠᠭᠲᠠ ᠳᠡᠭᠡᠳᠦ ᠬᠡᠮᠵᠢ᠊ ᠡᠶ᠎ᠡ ᠪᠠᠷ ᠴᠢᠬᠤᠯᠠᠴᠢᠯᠠᠨ | ᠦᠵᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ | ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠢᠳᠤᠭ᠎ᠠ ᠶᠢᠨ ᠢᠷ ᠢ ᠳᠣᠲᠣᠭᠰᠢ ᠪᠠᠨ | ᠬᠠᠨᠳᠤᠭᠤᠯᠬᠤ ᠰᠥᠰᠥ ᠵᠣᠷᠢᠭ ᠢᠶᠠᠷ ᠤᠯᠠᠨ ᠢ ᠲᠦᠢᠪᠡᠭᠡᠭᠰᠡᠨ ᠮᠣᠷᠢ ᠶᠢ ᠠᠷᠢᠯᠭᠠᠵᠤ᠂ ᠲᠤᠯᠤᠭᠠᠨ ᠶᠡᠭᠡ ᠬᠡᠮ | ᠠᠷᠬᠠᠭ ᠢ ᠡᠷᠡᠰ ᠴᠡᠭᠴᠡᠯᠡᠨ ᠵᠠᠰᠠᠵᠤ᠂ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ | ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠨᠡᠩ | ᠰᠠᠶᠢᠲᠤᠷ ᠡᠭᠦᠷᠭᠡᠯᠡᠬᠦ ᠶᠢ ᠱᠠᠯᠠᠪᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠤᠷᠰᠢᠯᠭ᠎ᠠ ᠠᠷᠭ᠎ᠠ ᠬᠢᠳᠡᠯ ᠢ | ᠭᠦᠢᠴᠡᠳ ᠪᠣᠯᠪᠠᠰᠤᠷᠠᠭᠤᠯᠵᠤ᠂ ᠰᠤᠷᠭᠠᠨ ᠬᠥᠮᠦᠵᠢᠭᠦᠯᠵᠦ ᠴᠡᠭᠴᠡᠯᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠳ᠋ᠦᠩᠨᠡᠨ ᠳᠡᠭᠡᠭᠰᠢᠯᠡᠭᠦᠯᠬᠦ ᠭᠤᠭᠴᠤᠭ᠎ᠠ | ᠪᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠤᠨ | ᠲᠡᠭᠦᠰᠬᠡᠯ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ | ᠬᠥᠮᠦᠵᠢᠯ ᠴᠡᠭᠴᠡᠯᠡᠯᠲᠡ ᠶᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠴᠡᠭᠴᠡᠯᠡᠯᠲᠡ ᠶᠢ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ | ᠠᠵᠢᠯ ᠲᠠᠢ ᠤᠶᠠᠯᠳᠤᠭᠤᠯᠵᠤ᠂ ᠲᠣᠭᠲᠠᠭᠤᠨ ᠪᠠᠶᠢᠳᠠᠯ ᠢ ᠠᠳᠬᠤᠬᠤ᠂ ᠠᠮᠤᠷ ᠲᠦᠪᠰᠢᠨ ᠢ ᠪᠠᠲᠤᠯᠠᠬᠤ ᠰᠢᠨ᠎ᠡ | ᠠᠮᠵᠢᠯᠲᠠ ᠪᠦᠲᠦᠮᠵᠢ ᠪᠠᠷ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠰᠢᠯᠭᠠᠵᠤ᠂ ᠠᠵᠢᠯ ᠤᠨ ᠦᠷ᠎ᠡ | ᠪᠦᠲᠦᠭᠡᠯ ᠪᠠ ᠪᠣᠳᠠᠲᠤ ᠦᠷ᠎ᠡ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | 100 ᠵᠢᠯ ᠤᠨ ᠤᠢ ᠶᠢ ᠪᠡᠯᠭᠡᠯᠡᠬᠦ ᠬᠡᠷᠡᠭᠲᠡᠶ᠃ | | ᠬᠤᠷᠠᠯ ᠤᠨ ᠳᠠᠷᠠᠭ᠎ᠠ᠂ ᠵᠢᠭᠠᠨ ᠵᠢᠯᠣᠭᠤᠳᠬᠤ ᠳᠤᠭᠤᠶᠢᠯᠠᠩ ᠤᠨ ᠬᠢᠨ ᠪᠠᠰᠠ ᠮᠠᠨ ᠤ ᠬᠤᠰᠢᠭᠤᠨ ᠤ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠡᠬᠡ ᠲᠠᠩᠰᠠ ᠶᠢᠨ | ᠮᠠᠲᠧᠷᠢᠶᠠᠯ ᠢ ᠪᠠᠶᠢᠴᠠᠭᠠᠨ ᠦᠵᠡᠪᠡ᠃ |