ᠲᠠᠷᠬᠠᠨ ᠮᠤᠤᠮᠢᠩᠭᠠᠨ‌ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠬᠤᠷᠠᠯᠳᠤᠵᠤ ᠱᠢ ᠵᠦᠩ ᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠶᠢ ᠣᠷᠣᠯᠠᠬᠤ ᠪᠠᠷ ᠲᠣᠭᠲᠠᠪᠠ
ᠨᠡᠶᠢᠲᠡᠯᠡᠭᠰᠡᠨ ᠴᠠᠭ᠄
2021/6/24
     6 ᠰᠠᠷ᠎ᠠ ᠶᠢᠨ 18 ᠤ ᠦᠳᠡ ᠶᠢᠨ ᠡᠮᠦᠨ᠎ᠡ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠭᠤᠴᠢᠳᠤᠭᠠᠷ ᠬᠤᠷᠠᠯ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠡᠷᠭᠢᠯᠡᠭᠴᠢ ᠭᠦᠩ ᠬᠤᠸᠠ ᠬᠤᠷᠠᠯ ᠡᠷᠭᠢᠯᠡᠵᠦ᠂ ᠳᠠᠳ ᠡᠷᠭᠢᠯᠡᠭᠴᠢ ᠰᠡᠷᠭᠦᠯᠦᠩ᠂ ᠵᠠᠩ ᠰᠢᠤ ᠴᠦᠨ᠂ ᠯᠢ ᠴᠢᠶᠠᠩ᠂ ᠹᠧᠩ ᠴᠧᠩ ᠯᠢᠶᠠᠩ ᠵᠢᠴᠢ ᠭᠡᠰᠢᠭᠦᠨ 23 ᠬᠦᠢᠮᠣᠠ ᠬᠤᠷᠠᠯ ᠳᠤ ᠣᠷᠣᠯᠴᠠᠵᠠᠶ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠣᠣ ᠫᠸᠢ ᠴᠢᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠦᠩ ᠰᠢᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠡᠭᠡᠨ᠂ ᠰᠢᠭᠦᠬᠦ ᠬᠤᠷᠢᠶ᠎ᠠ ᠶᠢᠨ ᠳᠠᠷᠤᠭ᠎ᠠ ᠵᠧᠤ ᠯᠢ ᠵᠢᠶᠦ᠋ᠨ᠂ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠳᠠᠷᠤᠭ᠎ᠠ ᠯᠢᠦ ᠹᠤᠩ ᠵᠢᠴᠢ ᠬᠡᠰᠡᠭ ᠬᠤᠲᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃
      ᠬᠤᠷᠠᠯ ᠠᠴᠠ ᠯᠢᠦ ᠬᠠᠶ ᠴᠢᠤᠸᠠᠨ ᠨᠥᠬᠦᠷ ᠤᠨ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠬᠤ ᠲᠤᠬᠠᠶ ᠲᠣᠭᠲᠠᠭᠠᠯ ︵ᠲᠥᠰᠦᠯ︶ ᠢ ᠪᠠᠲᠤᠯᠠᠪᠠ᠃ ᠱᠢ ᠵᠦᠩ ᠴᠢᠨ ᠨᠥᠬᠦᠷ ᠳ᠋ᠡ ᠮᠤᠤ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠶᠢ ᠣᠷᠣᠯᠠᠨ ᠭᠦᠢᠴᠡᠳᠬᠡᠬᠦ ᠲᠤᠬᠠᠢ ᠲᠣᠭᠲᠠᠭᠠᠯ ︵ᠲᠥᠰᠦᠯ︶᠂ ᠸᠠᠩ ᠵᠢᠶᠠᠨ ᠬᠤᠸᠠ ᠨᠥᠬᠦᠷ ᠳ᠋ᠡ ᠮᠤᠤ ᠬᠤᠯᠪᠣᠭᠠᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢ ᠣᠷᠣᠯᠠᠨ ᠭᠦᠢᠴᠡᠳᠬᠡᠬᠦ ᠲᠤᠬᠠᠢ ᠲᠣᠭᠲᠠᠭᠠᠯ ︵ᠲᠥᠰᠦᠯ︶᠂ ᠳ᠋ᠠ ᠮᠤᠤ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢ᠊ ᠡᠶ᠎ᠡ ᠠᠴᠠ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠩ ᠶᠢᠨ ᠼᠦᠢ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠶᠢ ᠵᠥᠪᠰᠢᠶᠡᠷᠡᠬᠦ ᠲᠤᠬᠠᠢ ᠲᠣᠭᠲᠠᠭᠠᠯ ︵ᠲᠥᠰᠦᠯ︶᠃
     ᠱᠢ ᠵᠦᠩ ᠴᠢᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠮᠠᠭᠲᠠ ᠲᠤᠭ ᠳᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳ᠋ᠠ ᠮᠤᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠪᠣᠳᠠᠲᠤ ᠦᠷ᠎ᠡ ᠪᠦᠲᠦᠮᠵᠢ ᠪᠠᠷ ᠤᠯᠤᠰ ᠲᠦᠷᠦ ᠶᠢᠨ ᠬᠠᠷᠢᠭᠤᠴᠠᠯᠭ᠎ᠠ ᠶᠢ ᠢᠯᠡᠷᠡᠭᠦᠯᠦᠨ᠎ᠡ᠃ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠪᠠᠷ ᠳᠥᠯᠭᠢᠨ ᠠᠬᠢᠭᠤᠯᠤᠨ᠎ᠠ᠃ ᠳ᠋ᠠ ᠮᠤᠤ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮᠵᠢ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ᠂ ᠠᠶᠤᠯ ᠥᠬᠡᠶ ᠦᠶ᠋ᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠢ ᠪᠡᠶ᠎ᠡ ᠪᠠᠷ ᠢᠶᠠᠨ ᠰᠠᠶᠢᠲᠤᠷ ᠠᠳᠬᠤᠨ᠎ᠠ᠃ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠪᠦᠬᠦ ᠬᠦᠴᠦ ᠪᠠᠷ ᠢᠶᠠᠨ ᠴᠢᠷᠮᠠᠶᠢᠵᠤ ᠪᠠᠶᠢᠭᠠᠳ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠪᠠᠷ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠲᠤᠬᠢᠷᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠠᠷᠠᠳ ᠲᠦᠮᠡᠨ ᠳᠤ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠮᠡᠳᠡᠷᠡᠭᠦᠯᠵᠦ᠂ ᠴᠢᠨᠠᠷ ᠰᠠᠶᠢᠲᠠᠢ ᠠᠮᠢᠳᠤᠷᠠᠯ ᠢ ᠡᠳ᠋ᠯᠡᠭᠦᠯᠬᠦ ᠪᠠᠷ ᠴᠢᠷᠮᠠᠶᠢᠨ᠎ᠠ᠃ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠬᠦ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠨ ᠰᠠᠬᠢᠵᠤ᠂ ᠠᠷᠠᠳ ᠲᠦᠮᠡᠨ ᠠᠴᠠ ᠣᠯᠭᠤᠭᠰᠠᠨ ᠡᠷᠬᠡ ᠶᠢ ᠵᠥᠪ ᠢᠶᠠᠷ ᠬᠡᠷᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠠᠷᠠᠳ ᠤᠯᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠵᠠᠰᠠᠭ ᠤᠨ ᠣᠷᠳᠣᠨ ᠤ ᠤᠳᠤᠷᠢᠳᠬᠤ ᠪᠠᠭ ᠢ ᠪᠦᠯᠬᠦᠮᠳᠡᠭᠦᠯᠦᠨ ᠳᠠᠭᠠᠭᠤᠯᠵᠤ᠂ ᠬᠠᠷᠢᠭᠤᠴᠠᠯᠭ᠎ᠠ ᠲᠠᠢ ᠪᠠᠷ ᠠᠵᠢᠯᠯᠠᠬᠤ ᠪᠠᠨ ᠴᠢᠩᠭᠠᠳᠬᠠᠵᠤ᠂ ︽ᠠᠮᠢ ᠴᠦᠯᠡᠨ ᠲᠡᠮᠡᠴᠡᠬᠦ︾ ᠦᠵᠡᠯ ᠤᠬᠠᠮᠰᠠᠷ᠂ ︽ᠪᠤᠯᠢᠶᠠᠯᠴᠠᠬᠤ︾ ᠣᠶᠤᠨ ᠰᠠᠨᠠᠭᠠᠨ ᠤ ᠪᠠᠶᠢᠳᠠᠯ᠂ ︽ᠪᠣᠳᠠᠲᠠᠶ︾ ᠠᠵᠢᠯ ᠤᠨ ᠰᠤᠷᠲᠠᠯ ᠢᠶᠠᠷ ᠡᠯ᠎ᠡ ᠵᠦᠶ᠋ᠯ ᠤᠨ ᠠᠵᠢᠯ ᠢᠶᠠᠨ ᠴᠢᠷᠮᠠᠶᠢᠨ ᠬᠢᠵᠦ᠂ ᠪᠥᠬᠦ ᠬᠤᠰᠢᠭᠤᠨ ᠤ ᠠᠷᠠᠳ ᠲᠦᠮᠡᠨ ᠳᠤ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠨ᠎ᠠ᠃      ᠸᠠᠩ ᠵᠢᠶᠠᠨ ᠬᠤᠸᠠ᠂ ᠠᠯᠢ ᠲᠦᠷᠭᠡᠨ ᠢᠶᠠᠷ ᠳᠦᠷᠢᠯᠡᠭᠴᠢ ᠳᠤ ᠣᠷᠣᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ ᠂ ᠨᠠᠮ ᠪᠣᠯᠤᠨ ᠠᠷᠠᠳ ᠲᠦᠮᠡᠨ ᠤ ᠦᠢᠯᠡᠰ ᠲᠤ ᠳᠡᠭᠡᠳᠦ ᠬᠡᠮᠵᠢ᠊ ᠡᠶ᠎ᠡ ᠪᠠᠷ ᠬᠠᠷᠢᠭᠤᠴᠠᠬᠤ ᠣᠪᠣᠷ ᠢᠶᠠᠷ ᠠᠵᠢᠯ ᠬᠢᠵᠦ ᠦᠢᠯᠡᠰ ᠪᠤᠰᠬᠠᠨ᠎ᠠ ᠭᠡᠵᠦ ᠢᠯᠡᠳᠬᠡᠪᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢᠨ ᠦᠵᠡᠯ ᠰᠠᠨᠠᠭᠠᠨ ᠤ ᠲᠤᠭ ᠪᠠ ᠦᠢᠯᠡ ᠠᠵᠢᠯᠯᠠᠭᠠᠨ ᠤ ᠵᠦᠭᠯᠡᠭᠦᠷ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠨ᠂ ᠠᠷᠠᠳ ᠤᠯᠠᠨ ᠤ ᠪᠠᠶᠢᠴᠠᠭᠠᠬᠤ ᠠᠵᠢᠯ ᠳᠤ ᠲᠠᠯᠪᠢᠭᠰᠠᠨ ᠰᠢᠨ᠎ᠡ ᠱᠠᠭᠠᠷᠳᠠᠯᠭ᠎ᠠ᠂ ᠰᠢᠨ᠎ᠡ ᠬᠦᠰᠡᠯ ᠡᠷᠡᠮᠡᠯᠵᠡᠯ ᠢ ᠴᠢᠷᠮᠠᠶᠢᠨ ᠬᠠᠩᠭᠠᠪᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠠᠲᠠᠭᠤ ᠪᠡᠷᠬᠡᠰᠢᠶᠡᠯ ᠢ ᠢᠯᠠᠨ ᠳᠠᠪᠠᠭ᠋ᠤ ᠶᠢ ᠪᠠᠷᠢᠮᠲᠠᠯᠠᠵᠤ᠂ ᠨᠡᠩ ᠪᠣᠳᠠᠲᠠᠶ ᠠᠷᠭ᠎ᠠ ᠬᠡᠮᠵᠢᠶ᠎ᠡ ᠪᠠᠷ ᠪᠠᠶᠢᠴᠠᠭᠠᠬᠤ ᠠᠵᠢᠯ ᠤᠨ ᠦᠢᠯᠡ ᠠᠵᠢᠯᠯᠠᠭ᠎ᠠ ᠶᠢ ᠢᠯᠡᠷᠡᠭᠦᠯᠵᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠰᠠᠨᠠᠭᠠᠴᠢᠯᠠᠭ᠎ᠠ ᠠᠴᠠ ᠪᠠᠨ ᠬᠦᠴᠦ ᠨᠡᠮᠡᠷᠢᠯᠡᠵᠦ᠂ ᠠᠷᠠᠳ ᠤᠨ ᠲᠥᠯᠥᠭᠡ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠢᠳᠡᠪᠬᠢᠲᠡᠶ ᠠᠬᠢᠭᠤᠯᠵᠤ᠂ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠪᠠᠷᠠᠭᠠᠯᠬᠢᠯᠠᠯᠳᠤ ᠴᠢᠨᠠᠷ ᠪᠠ ᠵᠢᠱᠢᠯᠲᠡ ᠶᠢᠨ ᠴᠢᠨᠠᠷ ᠢ ᠴᠢᠩᠭᠠᠳᠬᠠᠵᠤ ᠂ ᠬᠦᠴᠢᠷ ᠠᠰᠠᠭᠤᠳᠠᠯ ᠢ ᠰᠢᠶ᠋ᠳᠪᠦᠷᠢᠯᠡᠬᠦ᠂ ᠵᠠᠮ ᠨᠡᠭᠡᠭᠡᠨ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠡᠭᠦᠷᠭᠡ ᠪᠠᠨ ᠵᠣᠷᠢᠭᠲᠠᠶ ᠪᠠᠷ ᠡᠭᠦᠷᠭᠡᠯᠡᠵᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠵᠣᠷᠢᠭ ᠰᠠᠨᠠᠭ᠎ᠠ ᠶᠢ ᠬᠥᠭᠵᠢᠭᠡᠨ ᠪᠠᠳᠠᠷᠠᠭᠤᠯᠤᠨ᠎ᠠ᠃ ᠶᠣᠰᠣ ᠲᠦᠷᠢᠮ ᠤᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠪᠠᠶᠢᠭᠤᠯᠤᠯᠲᠠ ᠶᠢ ᠥᠪᠡᠷ ᠤᠨ ᠪᠡᠶ᠎ᠡ ᠶᠢᠨ ᠢᠶᠠᠨ ︽ᠴᠢᠩᠭ᠎ᠠ︾ ᠠᠴᠠ ᠡᠬᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠢ ᠴᠢᠩᠭ᠎ᠠ ᠵᠠᠰᠠᠬᠤ ᠪᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠨᠠᠮ ᠢ ᠴᠢᠩᠭ᠎ᠠ ᠵᠠᠰᠠᠬᠤ᠂ ᠪᠠᠶᠢᠴᠠᠭᠠᠬᠤ ᠬᠤᠷᠢ᠊ ᠡᠶ᠎ᠡ ᠶᠢ ᠴᠢᠩᠭ᠎ᠠ ᠵᠠᠰᠠᠬᠤ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠪᠤᠢ ᠪᠣᠯᠭᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠪᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号