ᠮᠠᠨ ᠤ ᠬᠤᠰᠢᠭᠤᠨ ᠤ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠵᠢᠴᠢ ︽ᠨᠠᠮ ᠤᠨ ᠬᠡᠰᠢᠭᠦᠨ ᠪᠤᠯᠤᠭᠰᠠᠨ  ᠢᠷᠠᠭᠤ ᠠᠯᠳᠠᠷ ᠲᠠᠢ50 ᠵᠢᠯ︾ ᠤᠨ ᠲᠤᠷᠠᠰᠬᠠᠯ ᠤᠨ ᠲᠡᠮᠳᠡᠭ ᠤᠯᠭᠤᠬᠤ ᠶᠤᠰᠤᠯᠠᠯ ᠤᠳᠬ᠎ᠠ ᠲᠡᠭᠦᠯᠳᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2021/6/25
     6 ᠰᠠᠷ᠎ᠠ ᠶᠢᠨ23 ᠤ ᠡᠳᠦᠷ᠂ ᠮᠠᠨ ᠤ ᠬᠤᠰᠢᠭᠤᠨ ᠤ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠵᠢᠴᠢ ︽ᠨᠠᠮ ᠤᠨ ᠬᠡᠰᠢᠭᠦᠨ ᠪᠤᠯᠤᠭᠰᠠᠨ ᠢᠷᠠᠭᠤ ᠠᠯᠳᠠᠷ ᠲᠠᠢ50 ᠵᠢᠯ︾ ᠤᠨ ᠲᠤᠷᠠᠰᠬᠠᠯ ᠤᠨ ᠲᠡᠮᠳᠡᠭ ᠤᠯᠭᠤᠬᠤ ᠶᠤᠰᠤᠯᠠᠯ ᠪᠠᠳᠤᠬᠠᠭᠠᠯᠭ᠎ᠠ ᠶᠢᠨ ᠶᠠᠫᠤᠨ ᠢ ᠡᠰᠡᠷᠭᠦᠴᠡᠭᠰᠡᠨ ᠵᠡᠪᠰᠡᠭᠳᠦ ᠪᠤᠰᠤᠯᠭ᠎ᠠ ᠶᠢᠨ ᠲᠤᠷᠠᠰᠬᠠᠯ ᠤᠨ ᠬᠦᠰᠢᠶᠡᠨ ᠤ ᠡᠮᠦᠨ᠎ᠡ ᠶᠠᠪᠤᠭᠳᠠᠪᠠ᠃      ᠬᠦᠳᠡᠯᠭᠡᠭᠡᠨ ᠢ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠤᠳᠤᠷᠢᠳᠤᠯᠭ᠎ᠠ  ᠠᠴᠠ ︽ᠨᠠᠮ ᠤᠨ ᠬᠡᠰᠢᠭᠦᠨ ᠪᠤᠯᠤᠭᠰᠠᠨ ᠢᠷᠠᠭᠤ ᠠᠯᠳᠠᠷ ᠲᠠᠢ50 ᠵᠢᠯ︾ ᠤᠨ ᠲᠤᠷᠠᠰᠬᠠᠯ ᠤᠨ ᠲᠡᠮᠳᠡᠭ ᠤᠯᠭᠤᠬᠤ ᠂ ᠠᠬᠠᠮᠠᠳ ᠨᠠᠮ ᠤᠨ  ᠬᠡᠰᠢᠭᠦᠳ ᠰᠢᠨ᠎ᠡ ᠨᠠᠮ ᠤᠨ ᠬᠡᠰᠢᠭᠦᠳ ᠲᠤ ᠨᠠᠮ ᠤᠨ ᠲᠡᠮᠳᠡᠭ ᠵᠡᠭᠦᠯᠭᠡᠭᠦ᠂ ᠬᠠᠮᠳᠦ ᠪᠠᠷ ᠨᠠᠮ ᠤᠨ ᠲᠤᠭ ᠤᠨ ᠲᠤᠤᠷ᠎ᠠ ᠲᠠᠩᠭᠠᠷᠢᠭ ᠲᠠᠯᠪᠢᠬᠤ᠂ ᠰᠢᠨ᠎ᠡ ᠨᠠᠮ ᠤᠨ ᠬᠡᠰᠢᠭᠦᠳ ᠲᠤ ᠲᠤᠷᠠᠰᠬᠠᠯ ᠤᠨ ᠺᠠᠷᠲ ᠲᠠᠷᠬᠠᠭᠠᠬᠤ ᠵᠡᠷᠭᠡ ᠠᠭᠤᠯᠭ᠎ᠠ ᠪᠠᠷ ᠶᠠᠪᠤᠭᠳᠠᠭᠤᠯᠵᠠᠢ᠃      ᠡᠨᠡ ᠬᠦ ᠬᠦᠳᠡᠯᠭᠡᠭᠡᠨ ᠨᠢ ᠨᠠᠮ ᠪᠠᠶᠢᠭᠤᠯᠤᠭᠳᠠᠭᠰᠠᠨ100 ᠵᠢᠯ ᠤᠨ ᠤᠢ ᠶᠢᠨ ᠲᠠᠰᠢᠷᠠᠮ ᠢᠶᠠᠷ ᠵᠠᠯᠠᠭᠤ ᠨᠠᠮ  ᠤᠨ ᠬᠡᠰᠢᠭᠦᠳ ᠤᠨ ᠦᠩᠭᠡ ᠭᠡᠷᠡᠯᠳᠦ ᠢᠷᠠᠭᠤ ᠠᠯᠳᠠᠷ ᠢᠶᠠᠷ ᠵᠠᠯᠠᠭᠤ ᠨᠠᠮ ᠤᠨ ᠬᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ ᠡᠷᠴᠢ ᠵᠤᠷᠢᠭ ᠢ ᠨᠢ ᠬᠦᠪᠴᠢᠯᠡᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号