ᠱᠢ ᠵᠥᠩ ᠴᠢᠨ ᠮᠠᠨ ᠤ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/6/28
    
     6 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ  ᠲᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠤ ᠳᠠᠷᠤᠭ᠎ᠠ ᠱᠢ ᠵᠦᠩ ᠴᠢᠨ ᠬᠤᠰᠢᠭᠤᠨ ᠤ  ᠵᠠᠰᠠᠭ ᠤᠨ ᠲᠣᠪᠴᠢᠶ᠎ᠠ ᠳᠤ ᠬᠦᠷᠴᠦ  ᠵᠠᠰᠠᠭ ᠭᠠᠶᠢᠯᠢ ᠶᠢᠨ ᠠᠵᠢᠯ ᠢ ᠪᠠᠶᠢᠴᠠᠭᠠᠨ ᠰᠤᠳᠤᠯᠵᠤ᠂  ᠵᠠᠰᠠᠭ ᠭᠠᠶᠢᠯᠢ ᠶᠢᠨ ᠠᠵᠢᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠶᠠᠷᠢᠯᠴᠠᠬᠤ ᠬᠤᠷᠠᠯ ᠳᠡᠭᠡᠷ᠎ᠡ᠂ ᠱᠢ ᠵᠦᠩ ᠴᠢᠨ ᠡᠳ᠋ ᠤᠨ ᠵᠠᠰᠠᠭ ᠤᠨ  ᠲᠤᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢᠨ ᠡᠳ᠋ ᠤᠨ ᠵᠠᠰᠠᠭ ᠭᠠᠶᠢᠯᠢ ᠶᠢᠨ ᠣᠷᠣᠯᠭ᠎ᠠ᠂ ᠲᠥᠰᠦᠪ ᠢ ᠭᠦᠢᠴᠡᠳᠬᠡᠭᠰᠡᠨ᠂ ᠥᠷᠢ ᠥᠭᠴᠡᠭᠡ ᠶᠢ ᠠᠷᠢᠯᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠠᠢ᠃ ᠲᠡᠷᠡ᠂ ᠡᠨᠡ ᠵᠢᠯ ᠠᠴᠠ ᠨᠠᠰᠢ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠢᠳᠡᠪᠬᠢᠲᠡᠢ ᠪᠠᠷ ᠬᠦᠴᠢᠷᠳᠡᠯ ᠢ ᠢᠯᠠᠨ ᠳᠠᠪᠠᠵᠤ᠂ ᠡᠳ᠋ ᠤᠨ ᠵᠠᠰᠠᠭ ᠤᠨ ᠣᠷᠣᠯᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢ ᠵᠣᠬᠢᠰᠲᠠᠢ ᠲᠤᠬᠢᠷᠠᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭ᠎ᠠ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠣᠳᠣᠬᠠᠨ ᠤ ᠬᠥᠭᠵᠢᠯᠲᠡ ᠶᠢᠨ ᠪᠠᠶᠢᠳᠠᠯ ᠢ ᠭᠦᠨᠵᠡᠭᠡᠢ ᠲᠠᠨᠢᠨ ᠵᠠᠳᠠᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠤᠨᠢᠨ ᠳᠡᠭᠡᠷ᠎ᠡ ᠨᠢ ᠨᠠᠷᠢᠯᠢᠭ ᠰᠠᠶᠢᠲᠤᠷ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠣᠷᠣᠯᠭ᠎ᠠ ᠪᠠᠨ ᠨᠡᠮᠡᠭᠳᠡᠭᠦᠯᠬᠦ ᠲᠠᠯᠳᠠ ᠬᠦᠴᠦᠨ ᠢ ᠭᠦᠨ ᠠᠭᠤᠳᠠᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠶᠡᠭᠡ ᠪᠠᠷ ᠲᠡᠮᠵᠢᠵᠤ᠂ ᠡᠳ᠋ ᠤᠨ ᠵᠠᠰᠠᠭ ᠤᠨ ᠣᠷᠣᠯᠭ᠎ᠠ ᠶᠢᠨ ᠰᠢᠨ᠎ᠡ ᠭᠠᠶᠢᠯᠢ ᠶᠢᠨ ᠢᠷᠡᠯᠳᠡ ᠶᠢ ᠢᠳᠡᠪᠬᠢᠲᠡᠶ ᠪᠠᠷ ᠪᠤᠶᠢᠵᠢᠭᠤᠯᠬᠤ ᠬᠡᠷᠡᠭᠲᠡᠶ︔ ᠡᠳ᠋ ᠤᠨ ᠵᠠᠰᠠᠭ ᠭᠠᠶᠢᠯᠢ ᠶᠢᠨ ᠲᠠᠲᠠᠪᠤᠷᠢᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠲᠠᠪᠤᠷᠢᠯᠠᠬᠤ ᠵᠠᠭᠪᠤᠷ ᠤᠨ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠴᠦ᠂ ᠭᠤᠭᠤᠵᠢᠵᠤ ᠣᠷᠬᠢᠭᠳᠠᠬᠤ ᠶᠢ ᠴᠢᠩᠭ᠎ᠠ ᠰᠡᠷᠭᠡᠶᠢᠯᠡᠵᠦ ᠂ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠬᠤ ᠶᠢ ᠪᠡᠶᠡᠯᠡᠭᠦᠯᠦᠨ᠎ᠡ᠃ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠬᠠᠲᠠᠭᠤ ᠪᠤᠰᠤ ᠴᠢᠨᠠᠷᠲᠠᠶ ᠪᠠ ᠡᠩ ᠤᠨ ᠴᠢᠨᠠᠷᠲᠠᠶ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠪᠠᠭᠠᠰᠬᠠᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠵᠦ᠂ ᠬᠢᠵᠠᠭᠠᠷᠲᠠᠶ ᠡᠳ᠋ ᠤᠨ ᠬᠦᠴᠦᠨ ᠢ ᠦᠨᠡᠨ ᠬᠦ ︽ᠵᠠᠩᠭᠢᠯᠠᠭ᠎ᠠ ᠶᠢᠨ ᠭᠠᠵᠠᠷ︾ ᠲᠤ ᠬᠡᠷᠡᠭᠯᠡᠬᠦ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠬᠢᠨᠠᠨ ᠲᠣᠭᠲᠠᠭᠠᠬᠤ᠂ ᠬᠢᠨᠠᠨ ᠬᠠᠮᠢᠶᠠᠷᠬᠤ ᠵᠡᠷᠭᠡ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢ ᠨᠠᠮᠳᠠᠭᠤᠯᠵᠤ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号