ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠬᠤᠷᠠᠯᠳᠤᠭᠤᠯᠵᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠵᠢᠶᠠ ᠪᠦᠦ ᠯᠢᠶᠠᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/6/28
      6 ᠰᠠᠷ᠎ᠠ ᠶᠢᠨ 26 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠰᠢᠭᠤᠨ ᠤ 2021 ᠣᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠲᠡᠳᠬᠦᠨ ᠳᠡᠮᠵᠢᠬᠦ ᠬᠡᠷᠡᠭᠵᠢᠭᠦᠯᠬᠦ ᠲᠥᠰᠦᠯ︾ ︽ᠪᠥᠬᠦ ᠬᠤᠰᠢᠭᠤᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠲᠤᠬᠠᠶ ᠰᠠᠨᠠᠭᠤᠯᠭ᠎ᠠ ᠶᠢᠨ ᠨᠡᠷᠡᠰ︾ ᠢ ᠰᠤᠳᠤᠯᠤᠨ ᠬᠢᠨᠠᠨ ᠵᠥᠪᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠠᠵᠢᠯ ᠤᠨ ᠬᠤᠪᠢᠶᠠᠷᠢᠯᠠᠯ ᠤᠨ ᠬᠠᠮᠢᠶ᠎ᠠ ᠪᠥᠬᠦᠶ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠪᠡ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠭᠦ ᠬᠤᠰᠢᠭᠤᠨ ᠤ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠲᠤᠮᠤ ᠶᠠᠪᠤᠳᠠᠯ ᠪᠣᠯᠤᠨ᠎ᠠ᠃ ᠵᠠᠪᠠᠯ ᠤᠯᠤᠰ ᠲᠥᠷᠥ᠂ ᠪᠦᠬᠦ ᠲᠠᠯ᠎ᠠ᠂ ᠪᠠᠶᠢᠯᠳᠤᠬᠤ ᠪᠣᠳᠣᠯᠭ᠎ᠠ ᠶᠢᠨ ᠳᠡᠭᠡᠳᠦ ᠬᠡᠮᠵᠢᠶᠡᠨ ᠠᠴᠠ ᠡᠨᠡ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠤᠳᠠ ᠶᠢᠨ ᠨᠠᠮ ᠤᠨ  ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ ᠦᠨᠡᠨᠬᠦ ᠨᠢᠭᠡᠳᠬᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠪᠠᠶᠢᠷᠢ᠂ ᠡᠬᠢ ᠪᠠᠶᠠᠯᠢᠭ ᠵᠡᠷᠭᠡ ᠪᠣᠳᠠᠲᠤ ᠨᠥᠬᠦᠴᠡᠯ ᠲᠠᠢ ᠤᠶᠠᠯᠳᠤᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠲᠡ ᠶᠢ ᠴᠢᠨᠠᠷ ᠰᠠᠶᠢᠲᠠᠢ ᠲᠤᠭᠤᠷᠪᠢᠵᠤ᠂ ᠲᠤᠷᠰᠢᠯᠭ᠎ᠠ ᠪᠠᠨ ᠳ᠋ᠦᠩᠨᠡᠵᠦ᠂ ᠠᠰᠠᠭᠤᠳᠠᠯ ᠢ ᠣᠨᠣᠪᠴᠢᠲᠠᠢ ᠡᠷᠢᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ︔ ᠳᠡᠭᠡᠳᠦ ᠬᠡᠮᠵᠢᠶᠡᠨ ᠤ ᠤᠯᠤᠰ ᠲᠦᠷᠦ ᠶᠢᠨ ᠵᠣᠭᠰᠣᠴᠠ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠶᠢᠨ ᠱᠠᠭᠠᠷᠳᠠᠯᠭ᠎ᠠ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠷᠤᠭᠰᠢᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠰᠢᠨ᠎ᠡ ᠴᠠᠭ ᠦᠶ᠎ᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠂ ᠳᠠᠭᠠᠭᠠᠴᠢᠯᠠᠯᠲᠠ ᠶᠢᠨ ᠤᠳᠤᠷᠢᠳᠤᠯᠭ᠎ᠠ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠪᠰᠤᠷᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠰᠤᠮᠤ ᠰᠢᠶᠠᠩ ᠪᠠᠯᠭᠠᠰᠤ ᠭᠦᠨᠵᠡᠭᠡᠢ ᠰᠡᠳᠬᠢᠨ ᠪᠣᠳᠣᠯᠬᠢᠯᠠᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠭᠠᠴᠠᠭ᠎ᠠ ᠲᠣᠰᠬᠤᠨ ᠢ ᠬᠠᠪᠰᠤᠷᠴᠤ ᠪᠠᠶᠢᠭᠠᠳ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠤᠨᠴᠠᠯᠢᠬᠳᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠬᠡᠷᠡᠭᠲᠡᠢ᠃ ᠠᠮᠵᠢᠯᠲᠠ ᠲᠠᠢ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠠᠷᠭ᠎ᠠ ᠵᠠᠮ ᠰᠢᠨ᠎ᠡ ᠠᠷᠭ᠎ᠠ ᠶᠢ ᠲᠠᠰᠤᠷᠠᠯᠲᠠ ᠦᠭᠡᠢ ᠰᠦᠪᠡᠭᠴᠢᠯᠡᠵᠦ᠂ ᠬᠠᠮᠲᠤ ᠶᠢᠨ ᠡᠳ᠋ ᠬᠦᠷᠦᠩᠭᠡ ᠶᠢ ᠤᠯᠠᠮ ᠴᠢᠨᠠᠭᠰᠢᠳᠠ ᠠᠮᠢᠳᠤᠯᠢᠭᠵᠢᠭᠤᠯᠵᠤ᠂ ᠬᠠᠮᠲᠤ ᠶᠢᠨ ᠡᠬᠢ ᠪᠠᠶᠠᠯᠢᠭ ᠢ ᠠᠰᠢᠭᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ᠬᠤᠷᠠᠯ ᠠᠴᠠ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠠᠰᠢᠷᠠᠮ ᠳᠤ᠂ ᠰᠢᠯᠢᠳᠡᠭ ᠨᠠᠮ ᠤᠨ ᠭᠡᠰᠢᠭᠦᠨ᠂ ᠨᠠᠮ ᠤᠨ ᠠᠵᠢᠯ ᠤᠨ ᠠᠵᠢᠯᠳᠠᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠠᠵᠢᠯ ᠢ ᠰᠠᠶᠢᠲᠤᠷ ᠥᠷᠨᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠡᠯ᠎ᠡ ᠱᠠᠲᠤᠨ ᠤ ᠨᠠᠮ ᠤᠨ  ᠬᠤᠷᠢᠶ᠎ᠠ  ᠬᠥᠬᠢᠭᠦᠯᠦᠨ ᠰᠠᠶᠢᠰᠢᠶᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠠᠷᠢᠮᠵᠢᠶ᠎ᠠ ᠶᠢ ᠴᠢᠩᠭ᠎ᠠ ᠠᠳᠬᠤᠵᠤ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ ᠬᠡᠷᠡᠭᠲᠡᠢ︔ ᠲᠠᠨᠢᠯᠴᠠᠭᠤᠯᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠡᠯ᠎ᠡ ᠵᠦᠢᠯ ᠤᠨ ᠠᠵᠢᠯ ᠲᠠᠢ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠬᠠᠮᠲᠤ ᠤᠬᠠᠭᠤᠯᠭ᠎ᠠ ᠪᠠᠨ ᠴᠢᠩᠭᠠᠳᠬᠠᠵᠤ᠂ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠲᠡᠷᠢᠭᠦᠨ ᠤ ᠬᠢ ᠠᠴᠠ ᠰᠤᠷᠤᠯᠴᠠᠬᠤ᠂ ᠦᠯᠢᠭᠡᠷ ᠳᠠᠭᠤᠷᠢᠶᠠᠯ ᠪᠣᠯᠬᠤ᠂ ᠬᠥᠭᠵᠢᠯᠲᠡ ᠶᠢ ᠠᠬᠢᠭᠤᠯᠬᠤ᠂ ᠬᠤᠪᠢ ᠨᠡᠮᠡᠷᠢ ᠦᠵᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号