ᠲᠡᠷᠭᠡᠳᠡᠬᠢ ᠬᠦᠮᠦᠰ ᠤᠨ  ᠪᠠᠭᠠᠳᠤᠷᠯᠢᠭ  ᠦᠢᠯᠡ ᠠᠵᠢᠯᠯᠠᠭ᠎ᠠ ᠠᠴᠠ ᠰᠤᠷᠤᠯᠴᠠᠶ᠎ᠠ
ᠨᠡᠶᠢᠲᠡᠯᠡᠭᠰᠡᠨ ᠴᠠᠭ᠄
2021/6/29
     6 ᠰᠠᠷ᠎ᠠ ᠶᠢᠨ23 ᠤ ᠡᠳᠦᠷ ᠮᠢᠩᠭᠠᠨ ᠪᠠᠯᠭᠠᠰᠤᠨ ᠤ ᠬᠢᠨ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠪᠠᠨ ᠦᠪᠡᠳᠡᠭᠰᠢ ᠶᠡᠭᠡ ᠪᠠᠷ ᠪᠠᠶᠠᠷᠯᠠᠨ ᠪᠡᠯᠭᠡᠯᠡᠬᠦ ︽ᠡᠭᠦᠷᠢᠳᠡ ᠨᠠᠮ ᠢᠶᠠᠨ ᠲᠠᠭᠠᠶ᠎ᠠ︾ ᠭᠤᠤᠯ ᠰᠡᠳᠦᠪᠳᠦ ᠰᠢᠷᠢᠰ ᠠᠵᠢᠯᠯᠠᠭ᠎ᠠ ᠶᠢᠨ ︽ᠲᠡᠷᠭᠡᠳᠡᠬᠢ ᠬᠦᠮᠦᠰ ᠤᠨ ᠪᠠᠭᠠᠳᠤᠷᠯᠢᠭ ᠦᠢᠯᠡ ᠠᠵᠢᠯᠯᠠᠭ᠎ᠠ ᠠᠴᠠ ᠰᠤᠷᠤᠯᠴᠠᠬᠤ︾ ᠬᠦᠳᠡᠯᠭᠡᠭᠡᠨ ᠢ ᠦᠷᠨᠢᠭᠦᠯᠵᠦ᠂ ᠦ᠋ ᠬᠦᠢ ᠶᠢᠩ ᠨᠠᠰᠤᠳᠠᠨ ᠤ ᠦᠩᠭᠡ ᠭᠡᠷᠡᠯᠳᠦ ᠦᠢᠯᠡ ᠠᠵᠢᠯᠯᠠᠭ᠎ᠠ ᠶᠢ ᠦᠷᠭᠡᠨ ᠤᠯᠠᠨ ᠨᠠᠮ ᠤᠨ ᠬᠡᠰᠢᠭᠦᠨ᠂ ᠺᠠᠳ᠋ᠷ ᠠᠵᠢᠯᠳᠠᠳ ᠬᠠᠮᠳᠦ ᠪᠠᠷ ᠰᠤᠷᠤᠯᠴᠠᠭᠰᠠᠨ ᠪᠠᠶᠢᠨ᠎ᠠ᠃
     ᠤᠶᠢᠯᠠᠭᠠᠭᠰᠠᠨ ᠢᠶᠠᠷ ᠦ᠋ ᠭᠦᠢ ᠶᠢᠩ ᠨᠠᠰᠤᠳᠠᠨ ᠪᠤᠯ ᠮᠢᠩᠭᠠᠨ ᠪᠠᠯᠭᠠᠰᠤᠨ ᠤ ᠨᠠᠮ ᠳᠤ ᠤᠷᠤᠭᠠᠳ50 ᠵᠢᠯ ᠪᠤᠯᠤᠭᠰᠠᠨ ᠢᠷᠠᠭᠤ ᠠᠯᠳᠠᠷ ᠲᠠᠢ ᠠᠬᠠᠮᠠᠳ ᠨᠠᠮ   ᠤᠨ ᠬᠡᠰᠢᠢᠭᠦᠨ᠂ ᠮᠦᠨᠴᠦ ᠤᠯᠠᠨ ᠤ ᠲᠠᠭᠤᠷᠢᠶᠠᠯ ᠪᠤᠯᠤᠭᠰᠠᠨ ᠵᠢᠱᠢᠶᠡᠴᠢ ᠬᠦᠮᠦᠰ ᠤᠨ ᠨᠢᠭᠡ ᠪᠤᠯᠬᠤ ᠶᠤᠮ᠃1968 ᠤᠨ ᠤ ᠡᠪᠦᠯ᠂ ᠦ᠋ ᠬᠦᠢ ᠶᠢᠩ ᠡᠵᠢ ᠲᠠᠢ ᠪᠠᠨ ᠨᠡᠶᠢᠳᠡ ᠶᠢᠨ ᠬᠤᠨᠢᠨ ᠰᠦᠷᠦᠭ ᠢ ᠬᠠᠷᠢᠭᠤᠯᠵᠦ ᠪᠠᠶᠢᠭᠠᠳ ᠲᠤᠭᠰᠢᠨ ᠰᠠᠯᠬᠢ ᠰᠢᠷᠦᠭᠦᠨ ᠰᠢᠭᠤᠷᠭᠠᠨ ᠳᠤ ᠲᠠᠭᠠᠷᠢᠭᠳᠠᠨ᠂  ᠠᠮᠢ ᠨᠠᠰᠤ ᠪᠠᠨ ᠬᠠᠶᠢᠬᠤᠷᠤᠯ ᠦᠭᠡᠢ ᠲᠡᠭ ᠠᠴᠠ ᠲᠤᠷᠤᠭᠰᠢ40 ᠭᠷᠡᠳᠦ᠋ᠰ ᠤᠨ ᠬᠦᠢᠳᠡᠨ ᠳᠤ ᠠᠷᠪᠠᠨ ᠬᠡᠳᠦᠨ ᠴᠠᠭ ᠲᠡᠮᠡᠴᠡᠵᠦ ᠨᠡᠶᠢᠳᠡ ᠮᠠᠯ ᠰᠦᠷᠦᠭ ᠢ ᠦᠬᠦᠬᠦᠯᠵᠦ ᠦᠷᠡᠭᠳᠡᠭᠦᠯᠦᠭᠰᠡᠨ ᠦᠭᠡᠢ ᠬᠠᠮᠠᠭᠠᠯᠠᠭᠰᠠᠨ ᠪᠠᠶᠢᠨ᠎ᠠ᠃
     ᠰᠤᠤᠷᠤᠯᠴᠠᠯᠭ᠎ᠠ ᠳᠤ ᠤᠷᠤᠯᠴᠠᠭᠰᠠᠨ ᠪᠦᠬᠦ  ᠺᠠᠳᠡᠷ  ᠠᠵᠢᠯᠳᠠᠨ᠂ ᠨᠠᠮ ᠤᠨ ᠬᠡᠰᠢᠭᠦᠳ ᠲᠤ ᠦ᠋ ᠬᠦᠢ ᠶᠢᠩ ᠨᠠᠰᠤᠳᠠᠨ ᠦᠪᠡᠷ ᠤᠨ ᠪᠡᠶ᠎ᠡ ᠪᠠᠷ ᠪᠠᠨ ᠦᠩᠭᠡᠷᠡᠭᠦᠯᠦᠭᠰᠡᠨ ᠦᠨᠡᠨ ᠪᠤᠳᠠᠳᠠᠢ ᠦᠢᠯᠡ ᠠᠵᠢᠯᠯᠠᠭ᠎ᠠ ᠪᠠᠨ ᠪᠤᠷᠤᠭᠵᠢᠭᠤᠨ ᠲᠤᠳᠤᠷᠬᠠᠢ ᠲᠤᠭᠠᠴᠢᠵᠦ᠂ ᠡᠬᠡ ᠤᠯᠤᠰ ᠢᠶᠠᠨ ᠬᠠᠶᠢᠷᠠᠯᠠᠬᠤ᠂ ᠠᠭᠤᠤ ᠨᠠᠮ ᠢᠶᠠᠨ ᠪᠠᠭᠳᠤᠨ ᠬᠦᠷᠢᠶᠡᠯᠡᠬᠦ ᠡᠷᠴᠢ ᠵᠤᠷᠢᠭ ᠢ ᠨᠢ ᠬᠦᠪᠴᠢᠯᠡᠨ᠂ ᠠᠷᠠᠳ ᠲᠦᠮᠡᠨ ᠳᠤ ᠪᠠᠨ ᠰᠢᠳᠤᠷᠭᠤ ᠦᠢᠯᠡᠴᠢᠯᠡᠨ᠂ ᠰᠢᠨ᠎ᠡ ᠴᠠᠭ ᠦᠶ᠎ᠡ ᠶᠢᠨ ᠰᠢᠯᠢᠳᠡᠭ ᠰᠠᠶᠢᠨ ᠨᠠᠮ ᠤᠨ ᠬᠡᠰᠢᠭᠦᠨ ᠪᠤᠯᠬᠤ ᠤᠷᠮ᠎ᠠ ᠵᠤᠷᠢᠭ ᠢ ᠨᠢ ᠪᠠᠳᠠᠡᠭᠠᠭᠰᠠᠨ ᠪᠠᠶᠢᠨ᠎ᠠ᠃ ᠬᠤᠪᠢᠰᠬᠠᠯ ᠤᠨ ᠮᠤᠩᠭᠤᠯ ᠭᠡᠷ ᠲᠤ ᠨᠠᠮ ᠤᠨ  ᠬᠡᠰᠢᠭᠦᠳ ᠠᠬᠠᠮᠠᠳ ᠨᠠᠮ ᠤᠨ  ᠬᠡᠰᠢᠭᠦᠨ ᠦ᠋ ᠬᠦᠢ ᠶᠢᠩ ᠲᠠᠢ ᠬᠠᠮᠳᠦ ᠪᠠᠷ ᠨᠠᠮ ᠳᠤ ᠪᠠᠨ ᠲᠠᠬᠢᠨ ᠲᠠᠩᠭᠠᠷᠢᠭᠯᠠᠪᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号