ᠡᠪ ᠬᠠᠮᠳᠦ ᠨᠠᠮ ᠢᠶᠠᠨ ᠡᠭᠦᠷᠢᠳᠡ ᠲᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠨ᠎ᠠ
ᠨᠡᠶᠢᠲᠡᠯᠡᠭᠰᠡᠨ ᠴᠠᠭ᠄
2021/6/29
     6 ᠰᠠᠷ᠎ᠠ ᠶᠢᠨ25 ᠤ ᠡᠳᠦᠷ᠂ ᠨᠠᠮ ᠪᠠᠶᠢᠭᠤᠯᠤᠭᠳᠠᠭᠰᠠᠨ100 ᠵᠢᠯ ᠤᠨ ᠤᠢ ᠳᠤ ᠵᠤᠷᠢᠭᠤᠯᠤᠨ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠮᠠᠷᠠᠳᠦ ᠬᠢᠯᠢ  ᠶᠢᠨ ᠬᠤᠯᠪᠤᠭᠠᠳᠦ ᠵᠦᠪᠯᠡᠯ ᠤᠨ ᠬᠢᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠦᠨᠡᠨᠴᠢ ᠢᠳᠡᠭᠡᠮᠵᠢ ᠶᠢ ᠡᠷᠬᠢᠮᠯᠡᠬᠦ ᠬᠦᠮᠦᠵᠢᠯ ᠤᠨ ᠰᠠᠭᠤᠷᠢᠨ ᠭᠠᠵᠠᠷ ᠲᠤ ᠬᠦᠷᠴᠦ᠂ ᠤᠯᠤᠰ ᠤᠨ ᠲᠤᠭ ᠮᠠᠨᠳᠤᠭᠤᠯᠵᠦ᠂ ᠠᠯᠪᠠᠨ ᠵᠢᠷᠤᠮ ᠢᠶᠠᠷ ᠬᠢᠯᠢ ᠬᠢᠵᠠᠭᠠᠷ ᠢ ᠰᠠᠬᠢᠭᠰᠠᠨ ᠠᠳᠢᠶ᠎ᠠ ᠶᠢᠨ30 ᠵᠢᠯ ᠤᠨ ᠬᠦᠴᠢᠷ ᠪᠡᠷᠬᠡᠰᠢᠶᠡᠯ ᠢ ᠲᠠᠪᠠᠨ ᠲᠠᠭᠤᠯᠤᠭᠰᠠᠨ ᠰᠡᠳᠬᠢᠯ ᠬᠦᠳᠡᠯᠭᠡᠮ᠎ᠡ ᠦᠯᠢᠭᠡᠷ   ᠢ ᠰᠤᠨᠤᠰᠴᠦ᠂ ᠦᠨᠡᠨᠴᠢ ᠢᠳᠡᠭᠡᠮᠵᠢ ᠶᠢᠨ ᠬᠦᠮᠦᠵᠢᠯ ᠬᠦᠷᠳᠡᠵᠦ᠂ ︽ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ︾ ᠭᠤᠤᠯ ᠰᠡᠳᠦᠪᠳᠦ ᠨᠠᠮ ᠤᠨ ᠡᠳᠦᠷ ᠤᠨ ᠬᠦᠳᠡᠯᠭᠡᠭᠡᠨ ᠢᠶᠠᠨ ᠦᠷᠨᠢᠭᠦᠯᠦᠭᠰᠡᠨ ᠪᠠᠶᠢᠨ᠎ᠠ᠃
     ᠲᠠᠷᠠᠭ᠎ᠠ ᠨᠢ ᠲᠡᠳᠡ ᠬᠠᠮᠳᠦ ᠪᠠᠷ ︽ᠪᠢ ᠡᠬᠡ ᠤᠯᠤᠰ ᠲᠠᠢ ᠪᠠᠨ︾᠂ ︽ᠡᠪ ᠬᠠᠮᠳᠦ ᠨᠠᠮ ᠪᠠᠶᠢᠬᠤ ᠦᠭᠡᠢ ᠪᠤᠯ ᠰᠢᠨ᠎ᠡ ᠲᠤᠮᠳᠠᠳᠦ ᠤᠯᠤᠰ ᠪᠠᠶᠢᠬᠤ ᠦᠭᠡᠢ︾ ᠵᠡᠷᠭᠡ ᠨᠠᠮ ᠤᠨ ᠲᠠᠭᠤᠤ ᠶᠢ ᠲᠠᠭᠤᠯᠠᠵᠦ᠂ ᠵᠦᠪ ᠡᠨᠧᠷᠬᠢ ᠢᠳᠡᠪᠬᠢ ᠰᠡᠳᠬᠢᠯᠭᠡ ᠪᠠᠷ ᠮᠢᠩᠭᠠᠨ ᠪᠠᠯᠭᠠᠰᠤᠨ ᠤ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠲᠤ ᠬᠦᠷᠦᠭᠰᠡᠨ ᠤ ᠲᠠᠷᠠᠭ᠎ᠠ ᠤᠮᠠᠷᠠᠳᠦ ᠬᠢᠯᠢ ᠶᠢᠨ ᠬᠠᠮᠳᠤᠷᠠᠭᠰᠨ ᠨᠠᠮ ᠤᠨ ᠬᠤᠷᠢᠶᠠᠨ ᠤ ᠱᠦᠵᠢ  ᠲᠤᠯᠭᠠᠭᠤᠷᠢ ᠨᠦᠬᠦᠷ ᠭᠤᠤᠯ ᠰᠡᠳᠦᠪ ᠲᠤᠳᠤᠷᠬᠠᠢ᠂ ᠠᠭᠤᠯᠠᠭᠳᠠᠬᠤᠨ ᠬᠦᠨᠵᠡᠭᠡᠢ ᠲᠤᠰᠬᠠᠢ ᠰᠡᠳᠦᠪᠳᠦ ᠨᠠᠮ ᠤᠨ ᠬᠢᠴᠢᠶᠡᠯ ᠤᠷᠤᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠥᠬᠡᠨ ᠶᠠᠪᠤᠴᠠ ᠶᠢ ᠡᠷᠭᠢᠴᠡᠭᠦᠯᠦᠭᠰᠡᠨ ᠪᠠᠶᠢᠨ᠎ᠠ᠃
     ᠪᠦᠬᠦ ᠨᠠᠮ ᠤᠨ ᠬᠡᠰᠢᠭᠦᠨ ᠢ ᠬᠦᠳᠦᠯᠦᠨ ᠵᠢᠯᠤᠭᠤᠳᠴᠦ ᠨᠠᠮ ᠤᠨ ᠲᠡᠥᠬᠡ ᠶᠢ ᠰᠠᠶᠢᠳᠤᠷ ᠰᠣᠷᠣᠯᠴᠠᠵᠦ᠂ ᠤᠯᠠᠮᠵᠢᠯᠠᠨ ᠵᠠᠯᠭᠠᠮᠵᠢᠯᠠᠵᠦ᠂ ᠡᠪ ᠬᠠᠮᠳᠦ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠶᠢᠨ ᠲᠦᠯᠦᠭᠡ᠂ ᠤᠮᠠᠷᠠᠳᠦ ᠬᠢᠯᠢ ᠶᠢᠨ ᠬᠤᠯᠪᠤᠭᠠᠳᠦ ᠨᠠᠮ ᠤᠨ ᠬᠤᠷᠢᠶ᠎ᠠ ᠪᠠᠰᠠ ︽ᠰᠤᠨᠢᠷᠬᠠᠯ ᠲᠠᠢ ᠨᠠᠮ ᠤᠨ ᠲᠡᠥᠬᠡ ᠶᠢᠨ ᠠᠰᠠᠭᠤᠯᠳᠠ︾ ᠭᠠᠷᠭᠠᠵᠦ ᠴᠢᠯᠠᠭᠤᠨ ᠲᠤᠤᠷ᠎ᠠ  ᠲᠠᠯᠪᠢᠵᠦ᠂ ᠨᠠᠮ ᠤᠨ ᠬᠡᠰᠢᠭᠦᠨ ᠢᠶᠠᠷ ᠰᠡᠳᠦᠪ ᠢ ᠡᠷᠢᠭᠦᠯᠵᠦ ᠬᠠᠷᠢᠭᠤᠯᠬᠤ ᠠᠵᠢᠯᠯᠠᠭ᠎ᠠ ᠶᠢ ᠦᠷᠨᠢᠭᠦᠯᠦᠭᠰᠡᠨ ᠪᠦᠭᠡᠳ ᠪᠠᠰᠠ ᠲᠠᠭᠡᠰᠦ ᠲᠠᠳᠠᠬᠤ ᠤᠷᠤᠯᠳᠤᠭᠠᠨ ᠢ ᠵᠤᠬᠢᠶᠠᠨ ᠪᠠᠶᠢᠭᠤᠯᠵᠦ ᠶᠠᠪᠤᠭᠳᠠᠭᠤᠯᠪᠠ᠃
     
     
     ᠠᠵᠢᠯᠯᠠᠭ᠎ᠠ ᠶᠢᠨ ᠲᠤᠮᠳᠠ ᠨᠠᠮ ᠤᠨ ᠬᠡᠰᠢᠭᠦᠳ ᠬᠤᠷᠴᠠ ᠰᠡᠷᠭᠡᠭ ᠰᠡᠳᠬᠢᠬᠦᠢ ᠲᠠᠢ᠂ ᠨᠠᠮ ᠤᠨ ᠲᠡᠥᠬᠡ ᠶᠢᠨ ᠮᠡᠳᠡᠯᠭᠡ ᠪᠠᠷ   ᠢᠶᠠᠨ ᠠᠰᠠᠭᠤᠯᠳᠠ ᠶᠢ ᠢᠳᠡᠪᠬᠢᠳᠠᠢ ᠪᠠᠷ ᠬᠠᠷᠢᠭᠤᠯᠵᠦ᠂ ᠦᠷᠢᠰᠦᠯᠳᠡᠭᠡᠨ ᠮᠦᠷᠦᠶᠢᠴᠡᠭᠡᠨ ᠤ ᠲᠤᠮᠳᠠ ᠨᠠᠮ ᠤᠨ ᠲᠡᠥᠬᠡ ᠪᠠᠨ ᠲᠠᠬᠢᠨ ᠡᠷᠭᠢᠴᠡᠭᠦᠯᠵᠦ᠂ ᠪᠦᠬᠦᠶᠢᠯᠡ ᠠᠬᠤᠢ ᠲᠠᠯᠠᠪᠠᠢ ᠬᠦᠷ ᠬᠦᠭᠵᠢᠶᠠᠨ ᠢᠶᠠᠷ ᠪᠢᠯᠬᠠᠵᠦ᠂ ᠨᠠᠮ ᠤᠨ ᠬᠡᠰᠢᠭᠦᠳ ᠤᠨ ᠡᠷᠡᠯᠬᠡᠭᠯᠡᠨ ᠲᠡᠮᠡᠴᠡᠬᠦ᠂ ᠢᠳᠡᠪᠬᠢᠳᠡᠢ ᠪᠠᠷ ᠦᠭᠡᠳᠡᠯᠡᠨ ᠲᠠᠪᠰᠢᠬᠤ᠂ ᠪᠦᠯᠬᠦᠮᠳᠡᠨ ᠨᠢᠭᠡᠳᠬᠦ ᠵᠤᠷᠢᠭ ᠰᠠᠨᠠᠭ᠎ᠠ ᠶᠢ ᠬᠦᠪᠴᠢᠯᠡᠵᠦ᠂ ᠦᠷᠭᠡᠨ ᠤᠯᠠᠨ ᠨᠠᠮ ᠤᠨ ᠬᠡᠰᠢᠭᠦᠨ ᠤ ᠢᠳᠡᠭᠡᠯ ᠪᠢᠰᠢᠷᠡᠯ ᠢ ᠤᠯᠠᠮ ᠴᠢᠨᠠᠭᠰᠢᠳᠠ ᠪᠠᠳᠤᠳᠬᠠᠵᠦ᠂ ᠡᠨᠡ ᠤᠳᠠᠭᠠᠨ ᠤ ᠨᠠᠮ ᠤᠨ ᠡᠳᠦᠷ ᠤᠨ ᠬᠦᠳᠡᠯᠭᠡᠭᠡᠨ ᠮᠠᠰᠢ ᠤᠳᠬ᠎ᠠ ᠠᠭᠤᠯᠭ᠎ᠠ ᠲᠠᠢ ᠪᠤᠯᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号