ᠮᠤᠩᠭᠤᠯ ᠰᠤᠷᠭᠠᠭᠤᠯᠢ ᠶᠢᠨ ︽ᠨᠠᠮ ᠤᠨ ᠮᠠᠭᠳᠠᠭᠠᠯ ᠢᠶᠠᠨ ᠬᠠᠮᠳᠦ ᠪᠠᠷ ᠲᠠᠭᠤᠯᠠᠵᠦ᠂ ᠨᠠᠮ ᠤᠨ ᠠᠯᠳᠠᠷ  ᠢ ᠬᠠᠮᠳᠦ ᠪᠠᠷ ᠡᠷᠭᠦᠶ᠎ᠡ︾ ᠭᠡᠬᠦ ᠭᠤᠤᠯ ᠰᠡᠳᠦᠪᠳᠦ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠬᠠᠮᠳᠦ ᠶᠢᠨ ᠲᠠᠭᠤᠤ ᠶᠢᠨ ᠤᠷᠤᠯᠳᠤᠭᠭᠠᠨ
ᠨᠡᠶᠢᠲᠡᠯᠡᠭᠰᠡᠨ ᠴᠠᠭ᠄
2021/6/3
     ︽6.1︾ ᠤ ᠲᠡᠯᠡᠬᠡᠢ ᠶᠢᠨ ᠪᠠᠭᠠᠴᠤᠤᠯ ᠬᠡᠥᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ︽ᠨᠠᠮ ᠤᠨ ᠮᠠᠭᠳᠠᠭᠠᠯ ᠢᠶᠠᠨ ᠬᠠᠮᠳᠦ ᠪᠠᠷ ᠲᠠᠭᠤᠯᠠᠵᠦ᠂ ᠨᠠᠮ ᠤᠨ ᠠᠯᠳᠠᠷ ᠢ ᠬᠠᠮᠳᠦ ᠪᠠᠷ ᠡᠷᠭᠦᠶ᠎ᠡ︾ ᠬᠡᠭᠦ ᠭᠤᠤᠯ ᠰᠡᠳᠦᠪᠳᠦ ᠲᠤᠮᠳᠠᠳᠦ ᠤᠯᠤᠰ  ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠬᠠᠮᠳᠦ ᠶᠢᠨ ᠲᠠᠭᠤᠤ ᠶᠢᠨ ᠤᠷᠤᠯᠳᠤᠭᠠᠨ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃
     ᠬᠠᠮᠳᠦ ᠶᠢᠨ ᠲᠠᠭᠤᠤ ᠶᠢᠨ ᠤᠷᠤᠯᠳᠤᠭᠠᠨ ᠳᠤ ᠪᠦᠬᠦ ᠰᠤᠷᠤᠭᠴᠢᠳ ᠠᠴᠠ ︽ᠪᠢ ᠡᠬᠡ ᠤᠯᠣᠰ ᠲᠠᠢ ᠪᠠᠨ  ᠬᠠᠮᠳᠦ︾ ︽ᠲᠠᠯ᠎ᠠ ᠨᠤᠳᠤᠭ ᠲᠤ ᠮᠦᠩᠭᠡ ᠶᠢᠨ ᠨᠠᠷᠠᠨ ᠮᠠᠨᠳᠤᠯ᠎ᠠ︾ ︽ᠡᠪ ᠬᠠᠮᠳᠦ ᠨᠠᠮ ᠪᠠᠶᠢᠬᠤ ᠦᠭᠡᠢ ᠪᠤᠯ ᠰᠢᠨ᠎ᠡ ᠲᠤᠮᠳᠠᠳᠦ ᠤᠯᠤᠰ ᠪᠠᠶᠢᠬᠤ ᠦᠭᠡᠢ︾  ︽ᠬᠠᠳᠤᠨ ᠭᠤᠤᠯ ᠤᠨ ᠶᠡᠩᠡ ᠲᠠᠭᠤᠯᠠᠯ︾ ᠵᠡᠷᠭᠡ ᠬᠤᠪᠢᠰᠬᠠᠯᠳᠦ ᠲᠠᠭᠤᠤ ᠶᠢ ᠲᠠᠭᠤᠯᠠᠵᠦ᠂ ᠠᠭᠤᠤ ᠶᠡᠭᠡ ᠡᠪ ᠬᠠᠮᠳᠦ ᠨᠠᠮ ᠤᠨ ᠠᠴᠢ ᠭᠠᠪᠢᠶ᠎ᠠ᠂ ᠡᠨᠡᠷᠢᠯ ᠬᠠᠶᠢᠷ᠎ᠠ ᠶᠢ ᠮᠠᠭᠳᠤᠨ ᠲᠠᠭᠤᠯᠠᠵᠦ᠂ ᠪᠠᠭᠰᠢ ᠭᠡᠷ ᠤᠨ ᠠᠬᠠᠮᠠᠳ ᠪᠠ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠵᠦ᠂ ᠠᠬᠤᠢ ᠲᠠᠯᠠᠪᠠᠢ ᠳᠤ ᠬᠢᠨᠠᠭᠴᠢ ᠪᠠᠭᠰᠢ ᠠᠴᠠ ᠡᠯ᠎ᠡ ᠬᠠᠮᠳᠦ ᠶᠢᠨ ᠲᠠᠭᠤᠤ ᠶᠢᠨ ᠲᠤᠭᠤᠶᠢᠯᠠᠩ ᠳᠤ ᠬᠤᠪᠢ ᠦᠭᠴᠦ᠂ ᠨᠢᠭᠡ ᠬᠤᠶᠠᠷ ᠭᠤᠷᠪᠠᠳᠤᠭᠠᠷ ᠨᠡᠷᠡᠰ ᠢ ᠰᠢᠯᠭᠠᠷᠠᠭᠤᠯᠬᠤ ᠶᠢᠨ ᠬᠠᠮᠳᠦ ᠰᠤᠷᠭᠠᠭᠤᠯᠢ ᠠᠴᠠ ᠱᠠᠩᠨᠠᠯ  ᠤᠯᠭᠤᠵᠠᠢ᠃
     ᠲᠤᠰ ᠤᠳᠠᠭᠠᠨ ᠤ ᠬᠠᠮᠳᠦ ᠶᠢᠨ ᠲᠠᠭᠤᠤ ᠶᠢᠨ ᠤᠷᠤᠯᠳᠤᠭᠠᠨ ᠢ ᠵᠤᠬᠢᠶᠠᠨ ᠪᠠᠶᠢᠭᠤᠯᠤᠭᠰᠠᠨ ᠨᠢ ᠰᠤᠷᠤᠭᠴᠢᠳ ᠲᠤ ᠡᠬᠡ ᠤᠯᠤᠰ ᠢᠶᠠᠨ ᠬᠠᠶᠢᠷᠠᠯᠠᠬᠤ ᠡᠬᠡ ᠤᠷᠤᠨᠴᠢ ᠦᠵᠡᠯ᠂ ᠡᠪ ᠬᠠᠮᠳᠦ ᠨᠠᠮ ᠢᠶᠠᠨ ᠬᠠᠶᠢᠷᠠᠯᠠᠬᠤ ᠵᠤᠷᠢᠭ ᠰᠠᠨᠠᠭ᠎ᠠ ᠶᠢ ᠬᠦᠷᠳᠡᠭᠡᠭᠰᠡᠨ ᠢᠶᠠᠷ ᠪᠠᠷᠠᠬᠤ ᠦᠭᠡᠢ ᠲᠡᠳᠡᠨ ᠢ ᠡᠬᠡ ᠤᠯᠤᠰ᠂ ᠨᠤᠳᠤᠭ ᠤᠰᠤᠨ ᠳᠤ ᠪᠠᠨ ᠬᠡᠷᠡᠭᠴᠡᠭᠡ ᠲᠠᠢ ᠴᠢᠳᠠᠪᠦᠷᠢᠳᠡᠨ ᠪᠤᠯᠵᠦ᠂ ᠦᠷᠭᠦᠯᠵᠢᠯᠡᠨ ᠮᠡᠷᠡᠶᠢᠨ ᠴᠢᠷᠮᠠᠶᠢᠵᠦ᠂ ᠰᠤᠷᠤᠯᠭ᠎ᠠ ᠶᠢᠨ ᠬᠤᠭᠤᠴᠠᠭ᠎ᠠ ᠪᠠᠨ ᠪᠠᠶ᠋ᠷ ᠴᠡᠩᠭᠡᠯ ᠲᠠᠢ ᠦᠩᠭᠡᠷᠡᠭᠦᠯᠬᠦ ᠶᠢ ᠨᠢ ᠵᠤᠷᠢᠭᠰᠠᠨ ᠪᠠᠶᠢᠨ᠎ᠠ᠃
     ᠤᠷᠤᠯᠳᠤᠭᠠᠨ ᠤ ᠲᠠᠷᠠᠭ᠎ᠠ᠂2020 ᠤᠨ ᠠᠴᠠ2021 ᠤᠨ ᠤ ᠰᠤᠷᠤᠯᠭ᠎ᠠ ᠶᠢᠨ ᠬᠤᠭᠤᠴᠠᠭᠠᠨ ᠤ ᠱᠠᠩᠨᠠᠨ ᠬᠦᠬᠢᠬᠦᠯᠬᠦ ᠶᠤᠰᠤᠯᠠᠯ ᠶᠠᠪᠤᠭᠳᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号