ᠯᠢᠦ ᠬᠠᠶ ᠴᠢᠤᠸᠠᠨ ᠪᠥᠬᠦ ᠬᠤᠰᠢᠭᠤᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠪᠠᠶᠢᠴᠠᠭᠠᠬᠤ ᠪᠠ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ᠂ ᠵᠡᠭᠡᠯᠢ ᠭᠤᠳᠤᠮᠵᠢ ᠪᠠ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/3
     5 ᠰᠠᠷ᠎ᠠ ᠶᠢᠨ 27 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠪᠥᠬᠦ ᠬᠤᠰᠢᠭᠤᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠪᠠᠶᠢᠴᠠᠭᠠᠬᠤ ᠪᠠ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ᠂ ᠵᠡᠭᠡᠯᠢ ᠭᠤᠳᠤᠮᠵᠢ ᠵᠢᠴᠢ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠳ ᠤᠨ ᠬᠤᠯᠪᠣᠭᠳᠠᠯ ᠪᠥᠬᠦᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠳᠤ ᠵᠠᠳᠠᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢ ᠳᠠᠬᠢᠨ ᠳᠠᠶᠢᠴᠢᠯᠠᠵᠤ ᠳᠠᠬᠢᠨ ᠳᠣᠭᠢᠷᠠᠭᠤᠯᠤᠨ ᠳᠠᠬᠢᠨ ᠪᠠᠶᠢᠷᠢᠯᠠᠭᠤᠯᠤᠨ᠎ᠠ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠳᠠᠪᠲᠠᠨ ᠪᠠᠶᠢᠴᠠᠭᠠᠬᠤ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨᠡᠳᠬᠡᠨ ᠵᠠᠰᠠᠬᠤ᠂ ᠵᠡᠭᠡᠯᠢ ᠭᠤᠳᠤᠮᠵᠢ ᠵᠢᠴᠢ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠲᠤᠯᠭᠠᠷᠠᠵᠤ ᠪᠠᠶᠢᠭ᠎ᠠ ᠲᠤᠯᠭᠠᠮ᠎ᠠ ᠪᠠᠶᠢᠳᠠᠯ ᠢ ᠰᠡᠷᠭᠡᠭ ᠢᠶᠠᠷ ᠲᠠᠨᠢᠬᠤ ᠬᠡᠷᠡᠭᠲᠡᠢ᠃ ᠡᠨᠡᠬᠦ ᠠᠵᠢᠯ ᠢ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠠᠶ ᠠᠵᠢᠯᠯᠠᠭ᠎ᠠ ᠪᠣᠯᠭᠠᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ᠂ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ᠂ ᠪᠥᠬᠦ ᠬᠤᠲᠠ ᠶᠢᠨ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠷᠤ ᠲᠠᠯ᠎ᠠ ᠶᠢᠨ ᠴᠡᠴᠡᠷᠯᠢᠭ ᠢ ᠪᠥᠲᠥᠭᠡᠨ ᠪᠠᠶᠢᠭᠤᠯᠬᠤ ᠵᠡᠷᠭᠡ ᠠᠵᠢᠯ ᠲᠠᠢ ᠨᠢᠭᠲᠠ ᠤᠶᠠᠯᠳᠤᠭᠤᠯᠤᠨ᠂ ᠡᠭᠦᠷᠭᠡᠯᠡᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠪᠠ ᠳᠠᠭᠠᠭᠠᠴᠠ ᠶᠢᠨ ᠴᠢᠳᠠᠪᠤᠷᠢ ᠶᠢ ᠪᠦᠬᠦᠯᠢ ᠴᠣᠭᠴᠠ ᠶᠢᠨ ᠲᠠᠯ᠎ᠠ ᠠᠴᠠ ᠲᠠᠰᠤᠷᠠᠯᠲᠠ ᠥᠬᠡᠶ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠶ᠋ᠯᠡᠰ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
      ᠬᠤᠷᠠᠯ ᠠᠴᠠ ᠴᠢᠬᠤᠯᠠᠴᠢᠯᠠᠭᠰᠠᠨ ᠨᠢ᠂ ᠰᠢᠯᠭᠠᠯᠲᠠ ᠳᠤ ᠣᠷᠣᠯᠴᠠᠬᠤ ᠣᠪᠣᠷ᠂ ᠯᠠᠪᠳᠠᠭᠤᠨ ᠪᠠᠲᠤᠲᠠᠢ ᠠᠷᠭ᠎ᠠ ᠬᠡᠮᠵᠢ᠊ ᠡᠶ᠎ᠡ ᠪᠠᠷ ᠭᠤᠣᠯᠳᠠᠯᠭ᠎ᠠ ᠶᠢ ᠲᠤᠪᠤᠶᠢᠯᠭᠠᠵᠦ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠡᠯ᠎ᠡ ᠵᠦᠢᠯ ᠤᠨ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠪᠠ ᠨᠠᠷᠢᠯᠢᠬᠵᠢᠭᠤᠯᠬᠤ ᠬᠠᠮᠢᠶᠠᠷᠤᠯᠲᠠ ᠶᠢ ᠴᠢᠨᠠᠭᠰᠢᠳᠠ ᠠᠬᠢᠭᠤᠯᠵᠤ᠂ ᠠᠰᠠᠭᠤᠳᠠᠯ ᠳᠤ ᠴᠢᠭᠯᠡᠭᠦᠯᠦᠨ ᠨᠠᠷᠢᠨ ᠳᠠᠩᠰᠠ ᠭᠠᠷᠭᠠᠵᠤ᠂ ᠨᠢᠭᠡ ᠨᠢᠭᠡ ᠵᠦᠢᠯ ᠢᠶᠠᠷ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠯᠳᠠᠭᠤᠷ ᠰᠤᠷᠪᠤᠯᠵᠢᠯᠠᠬᠤ ᠠᠵᠢᠯ ᠤᠨ ᠵᠢᠷᠤᠮᠵᠢᠯ︾ ᠤᠨ ᠪᠠᠶᠢᠴᠠᠭᠠᠬᠤ ᠠᠵᠢᠯ ᠳᠤ ᠬᠤᠯᠪᠣᠭᠳᠠᠭᠰᠠᠨ ᠠᠭᠤᠯᠭ᠎ᠠ ᠶᠣᠰᠣᠭᠠᠷ᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠷᠢᠮᠵᠢᠶ᠎ᠠ ︵2014 ᠣᠨ ᠤ ᠬᠡᠪᠯᠡᠯ︶︾ ᠲᠠᠢ ᠬᠠᠷᠢᠴᠠᠭᠤᠯᠤᠨ᠂ ᠲᠤᠯᠤᠭᠠᠨ ᠶᠡᠭᠡ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ 7 ᠤᠳᠠᠭᠠᠨ ᠤ ᠰᠢᠪᠲᠤᠯᠤᠯᠲᠠ ᠶᠢᠨ ᠲᠡᠶᠢᠨ ᠢ ᠰᠠᠶᠢᠲᠤᠷ ᠬᠢᠵᠦ᠂ ᠡᠯ᠎ᠡ ᠵᠦᠶ᠋ᠯ ᠤᠨ ᠠᠵᠢᠯ ᠢᠶᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠠ ᠵᠡᠭᠡᠯᠢ ᠭᠤᠳᠤᠮᠵᠢ ᠵᠢᠵᠢᠭ ᠭᠤᠳᠤᠮᠵᠢ ᠶᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ︽ᠨᠢᠭᠡ ᠭᠤᠳᠤᠮᠵᠢ ᠨᠢᠭᠡ ᠪᠤᠳᠤᠯᠭ᠎ᠠ︾ ᠶᠢᠨ ᠵᠠᠰᠠᠯᠲᠠ ᠶᠢᠨ ᠲᠥᠰᠦᠯ ᠢ ᠲᠣᠭᠲᠠᠭᠠᠵᠤ᠂ ᠣᠷᠴᠢᠨ ᠲᠣᠭᠤᠷᠢᠨ ᠢ ᠳᠡᠭᠡᠭᠰᠢᠯᠡᠭᠦᠯᠬᠦ᠂ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠣᠨᠴᠠᠯᠢᠭ ᠢ ᠢᠯᠡ ᠲᠣᠳᠣ᠂ ᠬᠠᠮᠢᠶᠠᠷᠤᠯᠲᠠ ᠶᠢ ᠵᠢᠷᠤᠮᠵᠢᠭᠤᠯᠬᠤ ᠬᠠᠷᠠᠯᠲᠠ ᠶᠢ ᠬᠦᠴᠦᠯᠡᠨ ᠪᠡᠶᠡᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠭ ᠨᠣᠪᠰᠢ ᠪᠣᠬᠢᠷ ᠤᠰᠤ ᠶᠢ ᠵᠠᠰᠠᠬᠤ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ ᠰᠠᠶᠢᠵᠢᠷᠠᠭᠤᠯᠬᠤ ᠬᠡᠷᠡᠭᠲᠡᠶ᠃ ᠤᠬᠠᠭᠤᠯᠤᠨ ᠬᠥᠲᠥᠯᠦᠨ ᠵᠢᠯᠣᠭᠤᠳᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠯᠡᠳᠬᠡᠬᠦ ᠠᠷᠭ᠎ᠠ ᠵᠠᠮ᠂ ᠬᠠᠷᠢᠭᠤ ᠲᠤᠰᠬᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ︽ᠬᠥᠮᠦᠨ ᠪᠦᠬᠦᠨ ᠡᠭᠦᠳᠦᠨ ᠪᠠᠶᠢᠭᠤᠯᠵᠤ᠂ ᠬᠥᠮᠦᠨ ᠪᠦᠬᠦᠨ ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠬᠤᠷᠠᠯ ᠠᠴᠠ ᠪᠠᠰᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾᠂ ᠰᠢᠨ ᠭᠤᠸᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ᠂ 12345 ᠵᠠᠰᠠᠭ ᠤᠨ ᠣᠷᠳᠣᠨ ᠤ ᠬᠠᠯᠠᠮᠰᠢᠯ ᠤᠲᠠᠰᠤ᠂ ᠠᠵᠢᠯ ᠲᠦᠷᠦᠯ ᠤᠨ ᠰᠠᠯᠬᠢᠨ ᠤ ᠬᠠᠯᠠᠮᠰᠢᠯ ᠤᠲᠠᠰᠤ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠲᠠᠬᠢᠨ ᠲᠤᠬᠢᠷᠠᠭᠤᠯᠵᠤ ᠲᠠᠬᠢᠨ ᠪᠠᠶᠢᠷᠢᠯᠠᠭᠤᠯᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号