ᠯᠢᠦ ᠬᠠᠶ ᠴᠢᠤᠸᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠶᠢᠰᠦᠳᠦᠭᠡᠷ ᠤᠳᠠᠭᠠᠨ ᠤ ᠬᠤᠷᠠᠯ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/3
   
     5 ᠰᠠᠷ᠎ᠠ ᠶᠢᠨ 28 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠶᠢᠰᠦᠳᠦᠭᠡᠷ ᠤᠳᠠᠭᠠᠨ ᠤ ᠬᠤᠷᠠᠯ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠭᠤᠸᠠᠩᠰᠢ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠳᠤ ᠴᠢᠬᠤᠯᠠ ᠵᠢᠭᠠᠪᠤᠷᠢ ᠥᠭᠬᠦ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ ᠪᠦᠬᠦᠳᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ︽ᠦᠨᠡᠨ ︾ ᠰᠡᠳᠬᠦᠯ ᠤᠨ ᠨᠡᠶᠢᠲᠡᠯᠡᠭᠰᠡᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠣᠬᠢᠶᠠᠯ︾ ᠢ ᠤᠯᠠᠮᠵᠢᠯᠠᠨ ᠰᠤᠷᠤᠯᠴᠠᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠤᠳᠤᠮᠰᠢᠯ ᠢ ᠰᠠᠶᠢᠲᠤᠷ ᠵᠠᠯᠭᠠᠮᠵᠢᠯᠠᠵᠤ᠂ ᠬᠤᠪᠢᠰᠬᠠᠯᠲᠤ ᠲᠥᠷᠥ ᠭᠦᠷᠦᠨ ᠢ ᠦᠶ᠎ᠡ ᠶᠢᠨ ᠦᠶ᠎ᠡ ᠳᠡᠭᠡᠨ ︽ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠨᠡᠶᠢᠭᠡᠮ ᠳᠠᠶᠠᠭᠠᠷ ᠲᠤ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠵᠢᠴᠢ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠲᠤᠬᠢᠷᠠᠭᠤᠯᠤᠨ ᠠᠬᠢᠭᠤᠯᠪᠠ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠪᠠᠲᠤ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠠᠭᠤᠰᠤᠯᠴᠠᠬᠤ ᠪᠠ ᠲᠡᠭᠦᠨ ᠳᠤ ᠦᠶ᠋ᠯᠡᠴᠢᠯᠡᠵᠦ᠂ ︽ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮᠵᠢ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠬᠤᠯᠠ ᠶᠡᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠡᠨᠧᠷᠭᠢ ᠶᠢᠨ ᠬᠤᠷᠣᠭᠳᠠᠭᠤᠯᠤᠯ ᠢ ᠬᠤᠶᠠᠷ ᠢ ᠡᠵᠡᠮᠳᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠶ᠋ᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠨᠡᠨ ᠬᠦ ᠰᠠᠶᠢᠲᠤᠷ ᠵᠠᠮᠨᠠᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠱᠠᠲᠤ ᠦᠶ᠎ᠡ ᠶᠢᠨ ᠴᠢᠨᠠᠷᠲᠠᠶ ᠡᠭᠦᠷᠭᠡ ᠶᠢ ᠪᠠᠲᠤ ᠡᠵᠡᠮᠰᠢᠵᠦ᠂ ᠦᠨᠡᠨ ᠬᠦ ᠰᠤᠷᠤᠯᠴᠠᠬᠤ᠂ ᠭᠦᠨᠵᠡᠭᠡᠶ ᠣᠶᠢᠯᠠᠭᠠᠬᠤ᠂ ᠪᠣᠳᠠᠲᠠᠶ ᠪᠠᠷ ᠬᠢᠬᠦ ᠳᠡᠭᠡᠷ᠎ᠡ ᠬᠦᠴᠦ ᠣᠷᠣᠭᠤᠯᠵᠤ᠂ ᠨᠠᠮ ᠤᠨ ᠲᠡᠦᠬᠡ ᠶᠢ ᠰᠤᠷᠤᠯᠴᠠᠬᠤ ᠶᠢ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠳᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠲᠠᠢ ᠨᠢᠭᠡᠳᠦᠯᠲᠡᠶ ᠲᠥᠯᠥᠪᠵᠢᠭᠦᠯᠵᠦ᠂ ︽ᠪᠢ ᠤᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠠᠶᠢᠨ ᠡᠬᠢᠯᠡᠯᠲᠡ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢᠶᠠᠨ ᠰᠠᠶᠢᠨ ᠡᠬᠢᠯᠡᠭᠦᠯᠵᠦ᠂ ᠰᠤᠷᠤᠯᠴᠠᠵᠤ ᠬᠤᠪᠢᠷᠠᠭᠤᠯᠬᠤ ᠳᠤᠮᠳᠠ ᠠᠴᠠ ᠦᠨᠡᠨ ᠶᠣᠰᠣᠨ ᠤ ᠬᠦᠴᠦᠨ ᠢ ᠲᠠᠰᠤᠷᠠᠯᠳᠠ ᠦᠭᠡᠢ ᠰᠢᠩᠭᠡᠭᠡᠨ ᠠᠪᠴᠤ᠂ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠶ᠃ ᠨᠠᠮ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠪᠢᠰᠬᠠᠯᠲᠤ ᠤᠯᠠᠮᠵᠢᠯᠠᠯ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠬᠠᠮᠢᠶᠠᠷᠬᠤ᠂ ᠬᠡᠷᠡᠭᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠤᠨ ᠦᠯᠢᠭᠡᠷ᠂ ᠬᠤᠪᠢᠰᠬᠠᠯ ᠤᠨ ᠦᠯᠢᠭᠡᠷ᠂ ᠪᠠᠭᠠᠲᠤᠷ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠤᠯᠠᠮᠵᠢᠯᠠᠯ ᠪᠠ ᠬᠤᠪᠢᠰᠬᠠᠯᠲᠤ ᠰᠣᠶᠣᠯ ᠤᠨ ᠬᠥᠮᠦᠵᠢᠯ ᠤᠨ ᠨᠥᠯᠥᠭᠡᠯᠡᠬᠦ ᠬᠦᠴᠦᠨ ᠤᠷᠢᠶᠠᠯᠠᠬᠤ ᠬᠦᠴᠦᠨ ᠢ ᠴᠢᠩᠭᠠᠳᠬᠠᠬᠤ ᠬᠡᠷᠡᠭᠲᠡᠢ᠃       ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠪᠠᠷᠢᠮᠲᠠᠯᠠᠵᠤ᠂ ᠴᠢᠩᠭ᠎ᠠ ᠭᠤᠣᠯ ᠬᠦᠭ ᠠᠶᠠᠰ᠂ ᠪᠣᠳᠠᠲᠠᠢ ᠰᠠᠶᠢᠨ ᠰᠤᠷᠲᠠᠯ ᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ᠂ ᠴᠠᠭ ᠢᠮᠠᠭᠲᠠ ᠪᠡᠶ᠎ᠡ ᠪᠠᠨ ᠴᠢᠬᠤᠯᠠᠴᠢᠯᠠᠨ ᠪᠡᠶ᠎ᠡ ᠪᠠᠨ ᠰᠡᠷᠡᠮᠵᠢᠯᠡᠭᠦᠯᠵᠦ᠂ ᠪᠡᠶ᠎ᠡ ᠪᠠᠨ ᠵᠣᠷᠢᠭᠵᠢᠭᠤᠯᠵᠤ᠂ ᠭᠠᠭᠴᠠᠭᠠᠷ ᠪᠠᠶᠢᠬᠤ ᠳᠠᠭᠠᠨ ᠬᠢᠴᠢᠶᠡᠵᠦ᠂ ᠠᠩᠬ᠎ᠠ ᠠᠯᠬᠤᠮ ᠳᠠᠭᠠᠨ ᠬᠢᠴᠢᠶᠡᠵᠦ᠂ ᠪᠠᠭ᠎ᠠ ᠳᠠᠭᠠᠨ ᠬᠢᠴᠢᠶᠡᠵᠦ᠂ ᠨᠠᠶᠢᠵᠠ ᠨᠥᠬᠦᠳ ᠲᠡᠭᠡᠨ ᠪᠣᠯᠭᠤᠮᠵᠢᠯᠠᠬᠤ ᠬᠡᠷᠡᠭᠲᠡᠢ᠃ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠩᠭᠠᠳᠬᠠᠨ ᠰᠠᠶᠢᠵᠢᠷᠠᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠳᠠᠩᠰᠠ ᠶᠢ ᠬᠠᠷᠭᠤᠭᠤᠯᠵᠤ ᠳ᠋ᠤᠭᠠᠷ ᠢ ᠨᠢ ᠬᠠᠰᠤᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠦᠨᠡᠨᠬᠦ ᠴᠢᠩᠭ᠎ᠠ ᠠᠬᠢᠭᠤᠯᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号