ᠵᠢᠶᠠ ᠪᠦᠦ ᠯᠢᠶᠠᠩ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠺᠠᠳ᠋ᠷᠴᠤᠳ ᠢ  ᠪᠤᠯᠭᠤᠭᠠᠨ  ᠲᠤᠬᠤᠨᠢᠭᠤᠯᠪᠠ
ᠨᠡᠶᠢᠲᠡᠯᠡᠭᠰᠡᠨ ᠴᠠᠭ᠄
2021/6/30
     ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠬᠤ ᠭᠡᠵᠦ ᠪᠠᠶᠢᠭ᠎ᠠ ᠦᠶ᠎ᠡ ᠳᠤ᠂ 6 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠮᠠᠨ ᠤ ᠬᠤᠰᠢᠭᠤᠨ ᠤ ᠬᠡᠰᠡᠭ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠡᠷᠬᠢᠮ ᠳᠡᠭᠡᠳᠦ ᠬᠦᠨᠳᠦᠳᠬᠡᠯ᠂ ᠳᠣᠲᠣᠨᠣ ᠮᠡᠨᠳᠦᠴᠢᠯᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃
      ᠵᠢᠶᠠ ᠪᠦᠦ ᠯᠢᠶᠠᠩ ᠤᠷᠢᠳ ᠬᠤᠵᠢᠳ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠸᠠᠩ ᠢ᠂ ᠮᠦᠩᠬᠡᠭᠡᠷ᠂ ᠴᠧᠨ ᠢᠦᠢ ᠯᠢᠩ᠂ ᠬᠡᠰᠢᠭᠪᠡᠭᠠᠲᠤᠷ ᠤᠨ ᠭᠡᠷ ᠲᠤ ᠬᠦᠷᠴᠦ᠂ ᠡᠯ᠎ᠡ ᠠᠬᠠᠮᠠᠳ ᠺᠠᠳ᠋ᠷᠴᠤᠳ ᠤᠨ ᠠᠮᠢᠳᠤᠷᠠᠯ ᠠᠮᠢᠳᠤᠷᠠᠯ ᠪᠣᠯᠤᠨ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠠᠬᠠᠮᠠᠳ ᠺᠠᠳ᠋ᠷᠴᠤᠳ ᠤᠨ ᠳᠠᠷᠬᠠᠨ ᠮᠤᠤᠮᠢᠩᠭᠠᠨ ᠬᠤᠰᠢᠭᠤᠨ ᠤ ᠬᠥᠭᠵᠢᠯᠲᠡ ᠳᠤ ᠰᠠᠶᠢᠨ ᠰᠠᠭᠤᠷᠢ ᠲᠠᠯᠪᠢᠵᠤ᠂ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠬᠤ ᠶᠢᠨ ᠬᠠᠮᠲᠤ ᠲᠡᠳᠡᠨ ᠤ ᠡᠷᠡᠭᠦᠯ ᠮᠡᠨᠳᠦ ᠵᠣᠯ ᠵᠢᠷᠭᠠᠯ ᠲᠠᠢ᠂ ᠥᠲᠡᠯᠦᠭᠡ ᠨᠠᠰᠤ ᠪᠠᠨ ᠠᠮᠤᠷ ᠵᠢᠷᠭᠠᠯ ᠲᠠᠢ ᠥᠩᠭᠡᠷᠡᠭᠦᠯᠬᠦ ᠶᠢ ᠴᠢᠩ ᠰᠡᠳᠬᠢᠯ ᠠᠴᠠ ᠪᠠᠨ ᠵᠥᠩᠨᠡᠪᠡ᠃
      ᠵᠢᠶᠠ ᠪᠦᠦ ᠯᠢᠶᠠᠩ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠨᠢ ᠠᠬᠠᠮᠠᠳ ᠤᠳᠤᠷᠢᠳᠤᠯᠭ᠎ᠠ ᠠᠬᠠᠮᠠᠳ ᠨᠥᠬᠦᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠂ ᠲᠡᠳᠡ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠣᠷᠣᠯᠴᠠᠭᠴᠢ᠂ ᠭᠡᠷᠡᠴᠢᠯᠡᠭᠴᠢ ᠮᠥᠨ᠂ ᠨᠡᠩ ᠴᠤ ᠪᠢᠳᠡᠨ ᠤ ᠰᠤᠷᠤᠯᠴᠠᠬᠤ ᠳᠠᠭᠤᠷᠢᠶᠠᠯ ᠮᠥᠨ᠃ ᠠᠬᠠᠮᠠᠳ ᠤᠳᠤᠷᠢᠳᠤᠯᠭ᠎ᠠ ᠠᠬᠠᠮᠠᠳ ᠨᠥᠬᠦᠳ ᠳᠠᠷᠬᠠᠨ ᠮᠤᠤᠮᠢᠩᠭᠠᠨ ᠬᠤᠰᠢᠭᠤᠨ ᠤ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠶ᠃
      ᠠᠬᠠᠮᠠᠳ ᠺᠠᠳ᠋ᠷᠴᠤᠳ ᠵᠢᠶᠠ ᠪᠦᠦ ᠯᠢᠶᠠᠩ ᠵᠢᠴᠢ ᠡᠯ᠎ᠡ ᠤᠳᠤᠷᠢᠳᠤᠯᠭ᠎ᠠ ᠶᠢᠨ ᠬᠠᠯᠠᠮᠵᠢᠯᠠᠨ ᠲᠣᠬᠤᠨᠢᠭᠤᠯᠤᠭᠰᠠᠨ ᠳᠤ ᠲᠦᠢᠯ ᠢᠶᠠᠷ ᠲᠠᠯᠠᠷᠬᠠᠬᠤ ᠶᠢᠨ ᠬᠠᠮᠲᠤ᠂ ᠲᠠᠳᠠ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠠᠵᠢᠯ ᠢᠶᠠᠨ ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠮᠠᠨ ᠤ ᠬᠤᠰᠢᠭᠤᠨ ᠤ ᠬᠥᠭᠵᠢᠯᠲᠡ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠩᠬᠠᠷᠴᠤ᠂ ᠳᠠᠷᠬᠠᠨ ᠮᠤᠤᠮᠢᠩᠭᠠᠨ ᠬᠤᠰᠢᠭᠤᠨ ᠤ ᠨᠠᠩ ᠰᠠᠶᠢᠨ ᠰᠠᠶᠢᠬᠠᠨ ᠢᠷᠡᠭᠡᠳᠦᠶ ᠶᠢ ᠪᠥᠲᠥᠭᠡᠨ ᠪᠠᠶᠢᠭᠤᠯᠬᠤ ᠶᠢᠨ ᠲᠥᠯᠥᠭᠡ ᠲᠠᠰᠤᠷᠠᠯᠲᠠ ᠥᠬᠡᠶ ᠲᠡᠮᠡᠴᠡᠨ᠎ᠡ ᠭᠡᠵᠡᠶ᠃      ᠬᠤᠰᠢᠭᠤᠨ ᠤ ᠤᠳᠤᠷᠢᠳᠤᠯᠭ᠎ᠠ ᠶᠤᠸᠠᠨ ᠰᠢᠤᠢ᠂ ᠯᠢ ᠶᠦᠩ ᠰᠢᠨ ᠪᠠᠷ᠎ᠠ ᠪᠣᠯᠵᠣ ᠲᠣᠬᠤᠨᠢᠭᠤᠯᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号