ᠱᠢ ᠵᠥᠩ ᠴᠢᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2021/6/30
     6 ᠰᠠᠷ᠎ᠠ ᠶᠢᠨ 28 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠤ ᠴᠠᠩ ᠱᠢ ᠵᠥᠩ ᠴᠢᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ︽ᠵᠠᠭᠤᠨ ᠵᠢᠯ ᠤᠨ ᠬᠡᠷᠡᠯ ᠰᠠᠴᠤᠷᠠᠩᠭᠤᠶ ᠨᠠᠮ ᠤᠨ ᠲᠡᠤᠬᠡ ᠶᠢ ᠰᠠᠶᠢᠲᠤᠷ ᠰᠤᠷᠤᠯᠴᠠᠵᠤ᠂ ᠰᠢᠨ᠎ᠡ ᠴᠠᠭ ᠦᠶ᠎ᠡ ᠶᠢᠨ ᠣᠷᠳᠣ ᠵᠠᠮ ᠤᠨ ᠠᠶᠠᠨ ᠲᠡᠶᠢᠨ ᠤ ᠵᠠᠮ ᠢᠶᠠᠷ ᠰᠠᠶᠢᠲᠤᠷ ᠵᠠᠮᠨᠠᠬᠤ ︾ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠪᠠ᠃ ᠲᠡᠷᠡ᠂ ᠲᠡᠦᠬᠡ ᠪᠣᠯ ᠬᠠᠮᠤᠭ ᠤᠨ ᠰᠠᠶᠢᠨ ᠬᠢᠴᠢᠶᠡᠯ ᠤᠨ ᠪᠢᠴᠢᠭ ᠮᠥᠨ᠂ ᠪᠠᠰᠠ ᠴᠤ ᠬᠠᠮᠤᠭ ᠤᠨ ᠰᠠᠶᠢᠨ ᠰᠢᠮ᠎ᠡ ᠲᠡᠵᠢᠭᠡᠯ ᠤᠨ ᠡᠮ ᠮᠥᠨ᠃ ᠮᠠᠨ ᠤ ᠨᠠᠮ ᠤᠨ ᠵᠠᠭᠤᠨ ᠵᠢᠯ ᠪᠣᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ ᠪᠠᠷ ᠵᠣᠷᠢᠭ ᠰᠢᠭᠤᠳᠤᠭᠰᠠᠨ ᠵᠠᠭᠤᠨ ᠵᠢᠯ ᠮᠥᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠦᠢᠯᠡᠰ ᠪᠤᠰᠬᠠᠬᠤ ᠵᠠᠭᠤᠨ ᠵᠢᠯ ᠮᠥᠨ᠂ ᠭᠡᠷᠡᠯ ᠰᠠᠴᠤᠷᠠᠩᠭᠤᠢ ᠦᠢᠯᠡᠰ ᠢ ᠡᠭᠦᠳᠴᠦ ᠢᠷᠡᠭᠡᠳᠦᠢ ᠪᠠᠨ ᠨᠡᠭᠡᠭᠡᠬᠦ ᠵᠠᠭᠤᠨ ᠵᠢᠯ ᠮᠥᠨ᠃ ᠥᠩᠭᠡᠷᠡᠭᠰᠡᠨ ᠤ ᠲᠡᠮᠡᠴᠡᠯ ᠤᠨ ᠵᠠᠮ ᠢᠶᠠᠨ ᠡᠷᠭᠢᠴᠡᠭᠦᠯᠵᠦ ᠂ ᠡᠮᠦᠨ᠎ᠡ ᠹᠷᠣᠨᠲ ᠤᠨ ᠡᠷᠡᠯᠬᠡᠭᠯᠡᠨ ᠤᠷᠤᠭᠰᠢᠯᠠᠬᠤ ᠵᠠᠮ ᠢᠶᠠᠨ ᠪᠠᠷᠠᠯᠠᠬᠤᠶ᠎ᠠ᠂ ᠡᠷᠬᠡᠪᠰᠢ ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ᠂ ᠰᠠᠶᠢᠲᠤᠷ ᠳ᠋ᠦᠩᠨᠡᠵᠦ᠂ ᠨᠠᠮ ᠤᠨ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠤᠯᠠᠮᠵᠢᠯᠠᠨ ᠰᠠᠶᠢᠲᠤᠷ ᠪᠠᠳᠠᠷᠠᠭᠤᠯᠵᠤ᠂ ᠤᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠢᠳᠡ ᠡᠭᠦᠷᠭᠡᠯᠡᠵᠦ᠂ ᠨᠠᠮ ᠤᠨ ᠲᠡᠮᠡᠴᠡᠯ ᠤᠨ ᠲᠡᠦᠬᠡ ᠠᠴᠠ ᠤᠷᠤᠭᠰᠢᠯᠠᠯᠲᠠ ᠶᠢᠨ ᠬᠦᠴᠦᠨ ᠢ ᠲᠠᠰᠤᠷᠠᠯᠳᠠ ᠦᠭᠡᠢ ᠰᠢᠩᠭᠡᠭᠡᠨ ᠠᠪᠬᠤ ᠬᠡᠷᠡᠭᠲᠡᠢ᠃
      ᠱᠢ ᠵᠦᠩ ᠴᠢᠨ ᠤᠯᠠᠨ ᠢ ᠳᠠᠭᠠᠭᠤᠯᠤᠨ ᠬᠠᠮᠲᠤᠪᠠᠷ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ ᠪᠣᠯᠤᠨ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢᠨ ᠳᠣᠲᠣᠭᠠᠳᠤ ᠠᠭᠤᠯᠬᠤᠨ ᠤ ᠱᠠᠭᠠᠷᠳᠠᠯᠭ᠎ᠠ ᠶᠢ ᠳᠠᠪᠲᠠᠨ ᠰᠤᠷᠤᠯᠴᠠᠪᠠ᠃ ᠲᠡᠷᠡᠴᠢᠯᠡᠨ ︽ᠮᠠᠨ ᠤ ᠨᠠᠮ ᠶᠠᠭᠤᠨ ᠤ ᠤᠴᠢᠷ ᠠᠴᠠ ᠡᠭᠦᠰᠦᠭᠰᠡᠨ ᠢᠶᠠᠨ ᠬᠡᠵᠢᠶ᠎ᠡ ᠴᠦ ᠭᠡᠰᠡᠨ ᠪᠠᠲᠤ ᠴᠡᠭᠡᠵᠢᠯᠡᠬᠦ ᠬᠡᠷᠡᠭᠲᠡᠶ︾᠂ ︽ᠪᠢᠳᠠ ᠪᠣᠯ ᠮᠠᠷᠺᠰ ᠤᠨ ᠤᠢᠵᠡᠯᠳᠡᠠ ᠮᠥᠨ ᠭᠡᠳᠡᠭ ᠢᠶᠠᠨ ᠬᠡᠵᠢᠶ᠎ᠡ ᠴᠦ ᠭᠡᠰᠡᠨ ᠪᠠᠲᠤ ᠴᠡᠭᠡᠵᠢᠯᠡᠬᠦ ᠬᠡᠷᠡᠭᠲᠡᠶ︾᠂ ︽ᠪᠢᠳᠠ ᠪᠣᠯ ᠠᠷᠠᠳ ᠤᠯᠡᠠ ᠠᠴᠠ ᠢᠷᠡᠭᠰᠡᠨ ᠢᠶᠠᠨ ᠬᠡᠵᠢᠶ᠎ᠡ ᠴᠦ ᠭᠡᠰᠡᠨ ᠪᠠᠲᠤ ᠴᠡᠭᠡᠵᠢᠯᠡᠬᠦ ᠬᠡᠷᠡᠭᠲᠡᠶ᠃ ᠠᠷᠠᠳ ᠤᠯᠠᠨ ᠠᠴᠠ ᠡᠭᠦᠷᠢᠳᠡ ᠬᠥᠨᠳᠡᠶᠢᠷᠡᠵᠦ ᠪᠣᠯᠬᠤ ᠦᠭᠡᠢ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠯᠴᠠᠭ᠎ᠠ ᠪᠠᠨ ᠡᠭᠦᠷᠢᠳᠡ ᠪᠠᠷᠢᠮᠲᠠᠯᠠᠬᠤ ᠬᠡᠷᠡᠭᠲᠡᠢ︾᠂ ︽ᠬᠡᠵᠢᠶ᠎ᠡ ᠴᠦ ᠭᠡᠰᠡᠨ ᠮᠠᠨ ᠤ ᠡᠪ ᠬᠠᠮᠲᠤᠴᠤᠳ ᠪᠣᠯ ᠬᠤᠪᠢᠰᠬᠠᠯᠴᠢ ᠮᠥᠨ᠂ ᠬᠤᠪᠢᠰᠬᠠᠯᠲᠤ ᠵᠣᠷᠢᠭ ᠰᠠᠨᠠᠭ᠎ᠠ ᠪᠠᠨ ᠠᠯᠳᠠᠵᠤ ᠪᠣᠯᠬᠤ ᠦᠭᠡᠢ ᠭᠡᠳᠡᠭ ᠢ ᠪᠠᠲᠤ ᠴᠡᠭᠡᠵᠢᠯᠡᠬᠦ ᠬᠡᠷᠡᠭᠲᠡᠢ︾ ᠭᠡᠬᠦ ᠲᠦᠷᠪᠡᠨ ᠲᠠᠯ᠎ᠠ ᠪᠠᠷ ᠡᠯᠪᠡᠭ ᠪᠠᠶᠠᠯᠢᠭ ᠨᠠᠷᠢᠨ ᠪᠣᠳᠠᠲᠠᠢ ᠲᠡᠦᠬᠡ ᠶᠢᠨ ᠮᠠᠲ᠋ᠧᠷᠢᠶᠠᠯ ᠢᠶᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃       ᠱᠢ ᠵᠥᠩ ᠴᠢᠨ ᠵᠢᠭᠠᠵᠤ ᠭᠠᠷᠭᠠᠬᠤ ᠳᠠᠭᠠᠨ᠄ ᠰᠢᠨ᠎ᠡ ᠴᠠᠭ ᠦᠶ᠎ᠡ ᠳᠤ ᠴᠢᠷᠮᠠᠶᠢᠨ ᠲᠡᠮᠡᠴᠡᠵᠦ ᠪᠠᠶᠢᠭ᠎ᠠ ᠪᠢᠳᠡ ᠪᠣᠯᠤᠭᠰᠠᠨ ᠤ ᠬᠤᠪᠢ ᠳᠤ᠂ ᠨᠠᠮ ᠤᠨ ᠲᠡᠦᠬᠡ ᠶᠢ ᠢᠮᠠᠭᠲᠠ ᠬᠦᠨᠳᠦᠳᠬᠡᠨ ᠪᠢᠰᠢᠷᠡᠬᠦ ᠬᠡᠷᠡᠭᠲᠡᠶ᠂ ᠲᠦᠷᠦᠭᠦᠯᠡᠨ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠴᠥᠬᠦᠷᠡᠰᠢ ᠦᠭᠡᠶ ᠲᠡᠮᠡᠴᠡᠯ ᠤᠨ ᠲᠡᠦᠬᠡ᠂ ᠦᠷᠡᠭᠳᠡᠯ ᠰᠦᠢᠳᠦᠯ ᠠᠴᠠ ᠠᠶᠤᠬᠤ ᠦᠭᠡᠶ ᠲᠡᠦᠬᠡ᠂ ᠣᠨᠣᠯ ᠤᠨ ᠬᠠᠶᠢᠯᠲᠠ ᠶᠢᠨ ᠲᠡᠦᠬᠡ᠂ ᠠᠷᠠᠳ ᠲᠦᠮᠡᠨ ᠳᠤ ᠪᠤᠶᠠᠨ ᠦᠢᠯᠡᠳᠦᠭᠰᠡᠨ ᠲᠡᠦᠬᠡ᠂ ᠲᠤᠰ ᠪᠡᠶ᠎ᠡ ᠶᠢᠨ ᠪᠠᠶᠢᠭᠤᠯᠤᠯᠲᠠ ᠶᠢᠨ ᠲᠡᠦᠬᠡ ᠶᠢ ᠭᠦᠨᠵᠡᠭᠡᠶ ᠰᠤᠷᠤᠯᠴᠠᠵᠤ᠂ ᠤᠯᠠᠭᠠᠨ ᠵᠠᠰᠠᠭ ᠢ ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ᠂ ᠰᠢᠨ᠎ᠡ ᠳᠤᠮᠳᠠᠳᠤ ᠤᠯᠤᠰ ᠢ ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ᠂ ᠨᠠᠮ ᠤᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ᠂ ᠪᠡᠷᠬᠡ ᠬᠠᠲᠠᠭᠤᠵᠢᠯᠲᠠᠶ ᠥᠩᠭᠡᠷᠡᠯᠲᠡ᠂ ᠲᠡᠦᠬᠡᠨ ᠲᠤᠷᠰᠢᠯᠭ᠎ᠠ᠂ ᠰᠢᠯᠢᠳᠡᠭ ᠤᠯᠠᠮᠵᠢᠯᠠᠯ ᠤᠨ ᠳᠤᠮᠳᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ︽ᠴᠢᠳᠠᠵᠤ︾᠂ ᠮᠠᠷᠺᠰ ᠤᠨ ᠦᠵᠡᠯ ᠶᠠᠭᠠᠬᠢᠭᠠᠳ ︽ᠶᠠᠪᠤᠵᠤ︾᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠶᠠᠭᠠᠬᠢᠭᠠᠳ ︽ᠰᠠᠶᠢᠨ︾ ᠢ ᠦᠨᠡᠨ ᠬᠦ ᠭᠦᠨᠵᠡᠭᠡᠶ ᠣᠶᠢᠯᠠᠭᠠᠵᠤ ᠠᠪᠬᠤ ᠬᠡᠷᠡᠭᠲᠡᠶ᠃ ᠮᠠᠷᠺᠰ ᠤᠨ ᠦᠵᠡᠯ᠂ ᠡᠪ ᠬᠠᠮᠲᠤ ᠶᠣᠰᠣᠨ ᠤ ᠢᠲᠡᠭᠡᠯ ᠪᠢᠰᠢᠷᠡᠯ ᠢᠶᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠢᠲᠡᠭᠡᠯ ᠵᠣᠷᠢᠭ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢᠶᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠦᠷᠦᠭᠦᠯᠡᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠡᠷᠡᠰ ᠪᠠᠲᠤ ᠮᠠᠷᠺᠰ ᠤᠨ ᠦᠵᠡᠯ ᠤᠨ ᠰᠢᠲᠦᠭᠴᠢ᠂ ᠰᠤᠷᠤᠯᠴᠠᠭᠴᠢ᠂ ᠤᠯᠠᠮᠵᠢᠯᠠᠭᠴᠢ᠂ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠤᠷᠴᠠ ᠰᠡᠷᠭᠡᠭ ᠢᠶᠠᠷ ᠤᠯᠠᠨ ᠲᠦᠮᠡᠨᠴᠢ ᠦᠵᠡᠯᠲᠡ᠂ ᠤᠯᠠᠨ ᠲᠦᠮᠡᠨᠴᠢ ᠵᠣᠭᠰᠣᠯᠲᠠ ᠶᠢ ᠪᠠᠷᠢᠮᠲᠠᠯᠠᠵᠤ᠂ ᠲᠦᠷᠦ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠳᠠᠷᠤᠶ ᠲᠦᠷᠦ ᠮᠥᠨ ᠭᠡᠳᠡᠭ ᠢ ᠪᠠᠲᠤ ᠴᠡᠭᠡᠵᠢᠯᠡᠵᠦ᠂ ᠨᠠᠮ ᠤᠨ ᠰᠢᠨᠵᠢ ᠴᠢᠨᠠᠷ ᠵᠣᠷᠢᠯᠲᠠ ᠶᠢᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠢᠮᠠᠭᠲᠠ ᠠᠷᠠᠳ ᠲᠦᠮᠡᠨ ᠲᠠᠢ ᠬᠠᠮᠲᠤ ᠪᠠᠶᠢᠵᠤ᠂ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠲᠡᠮᠡᠴᠡᠬᠦ ᠶᠢ ᠪᠡᠶᠡᠯᠡᠭᠦᠯᠬᠦ ᠬᠡᠷᠡᠭᠲᠡᠶ᠃ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠴᠤᠭ ᠪᠠᠳᠠᠷᠠᠩᠭᠤᠢ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠴᠢᠷᠮᠠᠶᠢᠨ ᠲᠡᠮᠡᠴᠡᠬᠦ᠂ ᠴᠠᠭ ᠢ ᠠᠮᠵᠢᠬᠤ᠂ ᠲᠡᠷᠢᠭᠦᠨ ᠤ ᠬᠢ ᠶᠢ ᠲᠡᠮᠡᠴᠡᠨ ᠤᠯᠬᠤ ᠵᠣᠷᠢᠭ ᠰᠠᠨᠠᠭ᠎ᠠ ᠪᠠᠷ ᠠᠵᠤ ᠠᠬᠤᠢ ᠶᠢᠨ ᠲᠤᠬᠢᠷᠠᠭᠤᠯᠭ᠎ᠠ ᠶᠢᠨ ᠠᠵᠢᠯᠯᠠᠭ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ᠂ ᠬᠥᠭᠵᠢᠯᠲᠡ ᠪᠣᠯᠤᠨ ᠠᠮᠤᠷ ᠲᠦᠪᠰᠢᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠱᠢ ᠵᠥᠩ ᠴᠢᠨ ᠴᠢᠬᠤᠯᠠᠴᠢᠯᠠᠬᠤ ᠳᠠᠭᠠᠨ᠂ ᠤᠳᠦ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠠ ᠪᠠᠶᠢᠭᠤᠯᠬᠤ ᠡᠭᠦᠷᠭᠡ ᠮᠠᠨ ᠤ ᠡᠨᠡ ᠦᠶ᠎ᠡ ᠶᠢᠨ ᠬᠥᠮᠦᠰ ᠤᠨ ᠪᠡᠶ᠎ᠡ ᠳᠡᠭᠡᠷ᠎ᠡ ᠲᠠᠯᠪᠢᠭᠳᠠᠵᠤ ᠪᠠᠶᠢᠨ᠎ᠠ᠃ ᠬᠠᠷᠢᠭᠤᠴᠠᠯᠭ᠎ᠠ ᠪᠢᠳᠡᠨ ᠤ ᠮᠥᠷᠥᠨ ᠳᠡᠭᠡᠷ᠎ᠡ ᠲᠠᠯᠪᠢᠭᠳᠠᠯ᠎ᠠ᠂ ᠪᠢᠳᠡ ᠵᠠᠪᠠᠯ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠵᠦ᠂ ᠵᠣᠷᠢᠭᠲᠠᠢ ᠪᠠᠷ ᠬᠦᠨᠳᠦ ᠬᠠᠷᠢᠭᠤᠴᠠᠯᠭ᠎ᠠ ᠶᠢ ᠡᠭᠦᠷᠭᠡᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠲᠡᠦᠬᠡ ᠳᠤ ᠣᠰᠣᠯᠳᠠᠬᠤ ᠦᠭᠡᠢ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠶᠢ ᠴᠣᠭᠴᠠᠯᠠᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ︕
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号