ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠭᠤᠰᠤᠯᠳᠤᠨ ᠬᠥᠭᠵᠢᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/7/12
     7 ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ ᠤᠷᠢᠯᠭ᠎ᠠ ᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠯᠢ ᠮᠢᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ  ᠰᠤᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
      
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠣᠰ ᠭᠠᠵᠠᠷ ᠣᠷᠣᠨ ᠤ ᠤᠨᠴᠠᠯᠢᠬᠳᠤ ᠡᠬᠢ ᠪᠠᠶᠠᠯᠢᠭ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠤ᠂ ᠰᠣᠶᠣᠯ ᠪᠠ ᠵᠢᠭᠤᠯᠴᠢᠯᠠᠯ ᠤᠨ ᠪᠦᠲᠦᠭᠡᠭᠳᠡᠬᠦᠨ ᠤ ᠭᠦᠨᠵᠡᠭᠡᠶ ᠠᠭᠤᠰᠤᠯᠴᠠᠯ ᠢ ᠠᠬᠢᠭᠤᠯᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠨᠴᠠᠯᠢᠬᠳᠤ ᠰᠣᠶᠣᠯ ᠤᠨ ᠡᠬᠢ ᠪᠠᠶᠠᠯᠢᠭ ᠢ ᠠᠭᠤᠳᠠᠯᠬᠤ᠂ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠲᠥᠷᠥᠯ  ᠵᠦᠢᠯ ᠤᠨ ᠰᠢᠨ᠎ᠡ ᠶᠢ ᠡᠭᠦᠳᠬᠦ ᠶᠢ ᠪᠡᠶᠡᠯᠡᠭᠦᠯᠬᠦ ᠶᠢᠨ ᠬᠠᠮᠲᠤ ᠤᠨᠴᠠᠯᠢᠬᠳᠤ ᠴᠢᠨᠠᠷᠲᠠᠶ᠂ ᠪᠡᠶ᠎ᠡ ᠪᠠᠷ ᠢᠶᠠᠨ ᠣᠶᠢᠯᠠᠭᠠᠬᠤ ᠴᠢᠨᠠᠷᠲᠠᠶ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠲᠠᠰᠤᠷᠠᠯᠲᠠ ᠥᠬᠡᠶ ᠭᠠᠷᠭᠠᠨ᠎ᠠ᠃ ᠠᠷᠠᠯᠵᠢᠶᠠᠴᠢᠨ ᠤᠷᠢᠬᠤ  ᠬᠡᠪᠴᠢᠶ᠎ᠡ ᠶᠢ ᠥᠷᠭᠡᠳᠬᠡᠵᠦ᠂ ᠠᠷᠠᠯᠵᠢᠶᠠᠴᠢᠨ ᠤᠷᠢᠬᠤ ᠶᠠᠰᠤ ᠴᠢᠨᠠᠷ ᠢ ᠳᠡᠭᠡᠭᠰᠢᠯᠡᠭᠦᠯᠵᠦ᠂ ᠨᠢᠭᠡ ᠪᠦᠯᠦᠭ ᠰᠢᠯᠢᠳᠡᠭ ᠰᠣᠶᠣᠯ ᠵᠤᠭᠠᠴᠠᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号