7 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ | ᠵᠢᠶᠠ ᠪᠦᠦ ᠯᠢᠶᠠᠩ ᠤᠷᠢᠳ ᠬᠤᠵᠢᠳ ᠵᠢᠮᠢᠰᠳᠡᠢ ᠶᠢᠨ ᠲᠠᠯ᠎ᠠ ᠨᠤᠲᠤᠭ ᠤᠨ ᠴᠢᠯᠠᠭᠤᠨ ᠣᠶ ᠶᠢᠨ ᠦᠵᠡᠮᠵᠢ ᠶᠢᠨ | ᠣᠷᠣᠨ᠂ ᠰᠢᠷᠡᠭᠡᠲᠦ ᠠᠯᠠᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ | ᠣᠯᠠᠨ ᠰᠤᠮᠤ ᠶᠢᠨ ᠡᠷᠲᠡᠨ ᠤ ᠬᠤᠲᠠ ᠳᠤ ᠬᠦᠷᠴᠦ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠪᠠ ᠮᠠᠯ ᠠᠵᠤ | ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | | ᠵᠢᠮᠢᠰᠳᠡᠢ ᠶᠢᠨ ᠲᠠᠯ᠎ᠠ ᠨᠤᠲᠤᠭ ᠤᠨ ᠴᠢᠯᠠᠭᠤᠨ ᠤᠢ ᠶᠢᠨ ᠦᠵᠡᠮᠵᠢ ᠶᠢᠨ ᠣᠷᠣᠨ ᠳᠤ᠂ ᠵᠢᠶᠠ ᠪᠦᠦ | ᠯᠢᠶᠠᠩ ᠦᠵᠡᠮᠵᠢ ᠶᠢᠨ ᠣᠷᠣᠨ ᠤ ᠣᠳᠣᠬᠠᠨ ᠤ ᠠᠵᠤ ᠦᠢᠯᠡᠰ ᠤᠨ ᠬᠥᠭᠵᠢᠯᠲᠡ᠂ ᠰᠣᠶᠣᠯ ᠤᠨ ᠠᠭᠤᠳᠠᠯᠤᠯᠲᠠ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠢᠯᠯᠠᠭ᠎ᠠ ᠶᠢᠨ ᠲᠥᠰᠦᠪᠯᠡᠯ ᠵᠢᠴᠢ ᠳᠠᠷᠠᠭᠠᠴᠢ ᠶᠢᠨ ᠠᠯᠬᠤᠮ ᠤᠨ | ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ ᠵᠢᠶᠠ ᠪᠦᠦ ᠯᠢᠶᠠᠩ | ᠴᠢᠬᠤᠯᠠᠴᠢᠯᠠᠭᠰᠠᠨ ᠨᠢ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ | ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠵᠤ᠂ ᠦᠵᠡᠮᠵᠢ ᠶᠢᠨ ᠣᠷᠣᠨ ᠤ ᠣᠨᠴᠠᠯᠢᠭ ᠢ ᠠᠭᠤᠳᠠᠯᠵᠤ᠂ | ᠦᠵᠡᠮᠵᠢ ᠶᠢᠨ ᠣᠷᠣᠨ ᠤ ᠠᠭᠤᠯᠭ᠎ᠠ ᠶᠢ ᠪᠠᠶᠠᠯᠢᠭᠵᠢᠭᠤᠯᠵᠤ᠂ ᠵᠤᠭᠠᠴᠠᠭᠰᠠᠳ ᠤᠨ ᠣᠶᠢᠯᠠᠭᠠᠯᠲᠠ ᠶᠢ | ᠰᠢᠯᠢᠳᠡᠭᠵᠢᠭᠦᠯᠬᠦ ᠬᠡᠷᠡᠭᠲᠡᠢ᠃ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠡᠬᠢ ᠪᠠᠶᠠᠯᠢᠭ ᠢ | ᠭᠦᠶ᠋ᠴᠡᠳ ᠡᠮᠬᠢᠯᠡᠨ ᠨᠡᠶᠢᠯᠡᠭᠦᠯᠵᠦ᠂ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠦᠨ᠂ ᠦᠵᠡᠮᠵᠢ ᠶᠢᠨ ᠣᠷᠣᠨ ᠤ | ᠨᠥᠯᠥᠭᠡᠯᠡᠬᠦ ᠬᠦᠴᠦᠨ᠂ ᠲᠠᠲᠠᠬᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠢ | ᠠᠮᠢ ᠠᠬᠤᠶ᠂ ᠰᠣᠶᠣᠯ᠂ ᠰᠤᠳᠤᠯᠤᠨ ᠰᠤᠷᠤᠯᠴᠠᠬᠤ᠂ ᠰᠡᠯᠡᠭᠦᠴᠡᠯ ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ | ᠣᠯᠠᠨ ᠴᠢᠳᠠᠮᠵᠢᠳᠤ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠤᠯᠠᠮ | ᠴᠢᠨᠠᠭᠰᠢᠳᠠ ᠰᠢᠯᠢᠳᠡᠭᠵᠢᠭᠦᠯᠵᠦ᠂ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ ᠵᠤᠭᠠᠴᠠᠯ ᠤᠨ ᠠᠵᠤ | ᠠᠬᠤᠶᠢᠯᠠᠯ ᠢ ᠬᠠᠪᠰᠤᠷᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ | | ᠰᠢᠷᠡᠭᠡᠲᠦ ᠠᠯᠠᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠳᠤ᠂ | ᠵᠢᠶᠠ ᠪᠦᠦ ᠯᠢᠶᠠᠩ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠬᠠᠩᠭᠠᠯᠭ᠎ᠠ ᠶᠢ ᠥᠷᠭᠡᠳᠬᠡᠵᠦ᠂ ᠲᠡᠵᠢᠭᠡᠨ ᠦᠷᠡᠵᠢᠭᠦᠯᠬᠦ ᠪᠦᠲᠦᠴᠡ ᠶᠢ ᠰᠢᠯᠢᠳᠡᠭᠵᠢᠭᠦᠯᠵᠦ᠂ | ᠠᠵᠤ ᠦᠢᠯᠡᠰ ᠤᠨ ᠬᠡᠯᠬᠢᠶ᠎ᠡ ᠪᠣᠯᠤᠨ ᠦᠷᠳᠡᠭ ᠤᠨ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠨᠡᠮᠡᠯᠲᠡ | ᠦᠷᠳᠡᠭ ᠢ ᠨᠡᠮᠡᠭᠳᠡᠭᠦᠯᠬᠦ ᠬᠡᠷᠡᠭᠲᠡᠢ᠃ ᠤᠬᠠᠭᠠᠯᠠᠨ ᠲᠥᠯᠥᠪᠯᠡᠵᠦ ᠡᠵᠡᠩᠨᠡᠨ ᠪᠣᠷᠣᠯᠠᠭᠤᠯᠬᠤ ᠶᠢ ᠴᠢᠬᠤᠯᠠᠴᠢᠯᠠᠵᠤ᠂ | ᠤᠨᠴᠠᠯᠢᠬᠳᠤ ᠳᠡᠭᠡᠳᠦ ᠲᠡᠰ ᠤᠨ ᠲᠦᠷᠦᠯ ᠲᠡᠮᠳᠡᠭ ᠢ ᠡᠭᠦᠳᠴᠦ᠂ ᠦᠢᠯᠡᠳᠬᠦᠨ ᠤ ᠠᠯᠳᠠᠷᠰᠢᠯ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ᠃ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢ | ᠬᠤᠯᠪᠣᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠶ᠋ᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ | ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠥᠷᠭᠡᠳᠬᠡᠵᠦ | ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ᠂ ᠪᠠᠯᠠ | ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠠᠵᠤ ᠠᠬᠤᠶᠢᠯᠠᠯ ᠢ ᠦᠨᠡᠨᠬᠦ ᠬᠠᠪᠰᠤᠷᠤᠨ | ᠬᠦᠴᠢᠷᠳᠡᠯ ᠲᠠᠢ ᠠᠰᠠᠭᠤᠳᠠᠯ ᠢ ᠨᠢ ᠰᠢᠶ᠋ᠳᠪᠦᠷᠢᠯᠡᠵᠦ᠂ ᠲᠡᠵᠢᠭᠡᠨ ᠦᠷᠡᠵᠢᠭᠦᠯᠬᠦ ᠦᠶ᠋ᠯᠡᠳᠪᠦᠷᠢᠯᠡᠯ ᠤᠨ ᠴᠡᠪᠡᠷᠵᠢᠯᠲᠡ | ᠪᠠ ᠠᠵᠤ ᠦᠶ᠋ᠯᠡᠰ ᠤᠨ ᠵᠠᠭᠪᠤᠷ ᠤᠨ ᠠᠮᠢ ᠠᠬᠤᠶᠢᠵᠢᠯᠲᠠ ᠶᠢ ᠲᠠᠰᠤᠷᠠᠯᠲᠠ ᠥᠬᠡᠶ ᠠᠬᠢᠭᠤᠯᠵᠤ᠂ ᠠᠵᠤ | ᠠᠬᠤᠶᠢᠯᠠᠯ ᠤᠨ ᠪᠠᠷᠢᠮᠵᠢᠶᠠᠵᠢᠯᠲᠠ᠂ ᠬᠡᠪᠴᠢᠶᠡᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | | ᠤᠯᠤᠨ ᠰᠤᠮᠤ ᠶᠢᠨ ᠡᠷᠲᠡᠨ ᠤ ᠬᠤᠳᠠ ᠳᠤ᠂ ᠵᠢᠶᠠ ᠪᠦᠦ ᠯᠢᠶᠠᠩ ᠠᠵᠢᠯᠲᠠᠳ ᠲᠠᠢ ᠪᠠᠭᠤᠷᠢ ᠶᠢᠨ | ᠵᠤᠭᠠᠴᠠᠯ ᠤᠨ ᠲᠦᠷᠦᠯ ᠵᠦᠢᠯ ᠢ ᠬᠡᠷᠬᠢᠨ ᠴᠢᠨᠠᠭᠰᠢᠳᠠ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠲᠤᠬᠠᠢ ᠭᠦᠨᠵᠡᠭᠡᠢ | ᠶᠠᠷᠢᠯᠴᠠᠪᠠ᠃ ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤᠨ ᠳᠤ ᠥᠨᠢ ᠤᠳᠠᠭᠠᠨ ᠲᠡᠤᠬᠡ | ᠰᠣᠶᠣᠯ ᠤᠨ ᠠᠬᠤᠶ ᠪᠠᠶᠢᠳᠠᠯ ᠲᠠᠢ᠂ ᠰᠣᠶᠣᠯ ᠤᠨ ᠦᠯᠡᠳᠡᠭᠳᠡᠯ ᠣᠯᠠᠨ ᠪᠠᠶᠢᠳᠠᠭ᠂ ᠡᠨᠡᠬᠦ ᠡᠬᠢ ᠪᠠᠶᠠᠯᠢᠭ ᠤᠨ | ᠳᠠᠪᠠᠭᠤᠯᠢᠭ ᠢᠶᠠᠨ ᠭᠦᠶ᠋ᠴᠡᠳ ᠠᠰᠢᠭᠯᠠᠵᠤ᠂ ᠲᠠᠯ᠎ᠠ ᠨᠤᠲᠤᠭ ᠤᠨ ᠰᠣᠶᠣᠯ᠂ ᠦᠨᠳᠦᠰᠦᠲᠡᠨ ᠤ ᠰᠣᠶᠣᠯ ᠤᠨ | ᠠᠭᠤᠯᠬᠤᠨ ᠢ ᠭᠦᠨᠵᠡᠭᠡᠶ ᠠᠭᠤᠳᠠᠯᠵᠤ᠂ ᠲᠡᠤᠬᠡ ᠶᠢᠨ ᠥᠯᠢᠭᠡᠷ ᠢ ᠰᠠᠶᠢᠲᠤᠷ ᠶᠠᠷᠢᠵᠤ᠂ ᠳ᠋ᠠ ᠮᠤᠤ ᠶᠢᠨ ᠥᠯᠢᠭᠡᠷ ᠢ | ᠰᠠᠶᠢᠲᠤᠷ ᠶᠠᠷᠢᠬᠤ ᠬᠡᠷᠡᠭᠲᠡᠶ᠃ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠤᠱᠯᠠᠭᠤᠯᠵᠤ᠂ | ᠬᠠᠮᠠᠭᠠᠯᠠᠬᠤ ᠳᠤᠮᠳᠠ ᠨᠡᠭᠡᠭᠡᠨ ᠬᠥᠭᠵᠢᠭᠦᠯᠵᠦ᠂ ᠨᠡᠭᠡᠭᠡᠨ ᠬᠥᠭᠵᠢᠭᠦᠯᠬᠦ ᠳᠤᠮᠳᠠ ᠬᠠᠮᠠᠭᠠᠯᠠᠬᠤ ᠶᠢ ᠪᠠᠷᠢᠮᠲᠠᠯᠠᠨ᠂ | ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠰᠣᠶᠣᠯ ᠤᠨ ᠪᠠᠭᠤᠷᠢ ᠶᠢ ᠬᠠᠮᠠᠭᠠᠯᠠᠬᠤ᠂ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠬᠠᠷᠢᠴᠠᠭ᠎ᠠ ᠶᠢ ᠲᠣᠬᠢᠲᠠᠶ ᠰᠠᠶᠢᠲᠤᠷ ᠰᠢᠢᠳᠪᠦᠷᠢᠯᠡᠵᠦ᠂ | ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠶᠢᠨ ᠬᠥᠭᠵᠢᠯᠲᠡ ᠶᠢ ᠲᠠᠰᠤᠷᠠᠯᠲᠠ ᠥᠬᠡᠶ | ᠳᠥᠯᠭᠢᠨ ᠠᠬᠢᠭᠤᠯᠬᠤ ᠬᠡᠷᠡᠭᠲᠡᠶ᠃ | ᠬᠤᠰᠢᠭᠤᠨ ᠤ ᠤᠳᠤᠷᠢᠳᠤᠯᠭ᠎ᠠ ᠵᠠᠩ ᠪᠠᠭᠠᠨ᠎ᠠ᠂ ᠮᠦᠩᠬᠡᠪᠠᠭᠠᠳᠤᠷ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ |