7 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠳᠡᠳ᠋ ᠬᠤᠰᠢᠭᠤᠨ ᠳᠠᠷᠤᠭ᠎ᠠ ᠬᠤᠸᠠᠩ ᠯᠦᠩ | ᠮᠠᠨ ᠤ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠠᠯᠪᠠᠨ ᠬᠡᠷ ᠲᠤ ᠷᠦᠢ ᠰᠢᠩ ᠪᠠᠭ᠎ᠠ ᠲᠣᠭᠤᠷᠢᠭ ᠤᠨ ᠵᠡᠭᠦᠨ | ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠵᠢᠴᠢ ᠢᠯᠴᠢ ᠬᠠᠩᠭᠠᠬᠤ ᠠᠵᠤ ᠠᠬᠤᠶᠢᠯᠠᠯ ᠤᠨ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ | ᠣᠷᠣᠯᠴᠠᠵᠠᠶ᠃ | | ᠠᠬᠢᠭᠤᠯᠬᠤ ᠬᠤᠷᠠᠯ ᠳᠡᠭᠡᠷ᠎ᠡ᠂ ᠳᠡᠳ᠋ ᠬᠤᠰᠢᠭᠤᠨ ᠳᠠᠷᠤᠭ᠎ᠠ ᠬᠤᠸᠠᠩ ᠯᠦᠩ ᠷᠦᠢ ᠰᠢᠩ ᠪᠠᠭ᠎ᠠ | ᠲᠣᠭᠤᠷᠢᠭ ᠤᠨ ᠣᠳᠣᠬᠠᠨ ᠤ ᠪᠠᠶᠢᠳᠠᠯ ᠳᠤ ᠭᠦᠨᠵᠡᠭᠡᠶ ᠵᠠᠳᠠᠯᠤᠯᠲᠠ ᠬᠢᠵᠦ᠂ ᠳᠤᠯᠠᠭᠠᠯᠠᠭ᠎ᠠ ᠬᠠᠩᠭᠠᠵᠤ ᠪᠠᠭ᠎ᠠ | ᠲᠣᠭᠤᠷᠢᠭ ᠲᠤ ᠣᠷᠣᠬᠤ ᠶᠢ ᠢᠳᠡᠪᠬᠢᠲᠡᠶ ᠵᠣᠬᠢᠴᠠᠭᠤᠯᠵᠤ᠂ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ | ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠢᠳᠡᠪᠬᠢᠲᠡᠶ ᠪᠠᠷ ᠶᠠᠷᠢᠶ᠎ᠠ ᠲᠠᠯᠪᠢᠵᠤ᠂ | ᠥᠪᠡᠷ ᠥᠪᠡᠷ ᠤᠨ ᠰᠠᠨᠠᠯ ᠢᠶᠠᠨ ᠶᠠᠷᠢᠵᠠᠶ᠃ | | ᠬᠠᠮᠤᠭ ᠰᠡᠭᠦᠯ ᠳᠤ᠂ ᠬᠤᠸᠠᠩ ᠬᠤᠰᠢᠭᠤᠨ ᠳᠠᠷᠤᠭ᠎ᠠ ᠴᠢᠬᠤᠯᠠᠴᠢᠯᠠᠬᠤ ᠳᠠᠭᠠᠨ᠂ ᠡᠯ᠎ᠡ ᠰᠠᠯᠠᠭ᠎ᠠ | ᠮᠥᠴᠢᠷ ᠤᠨ ᠬᠢᠨ ᠠᠷᠠᠳ ᠤᠨ ᠠᠮᠢᠳᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠡᠭᠦᠳᠡᠨ ᠠᠴᠠ ᠡᠭᠦᠰᠴᠦ᠂ | ᠷᠦᠢ ᠰᠢᠩ ᠪᠠᠭ᠎ᠠ ᠲᠣᠭᠤᠷᠢᠭ ᠤᠨ ᠵᠡᠭᠦᠨ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠡᠶ᠃ |