ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ︽ᠵᠠᠰᠠᠭ ᠵᠠᠬᠢᠷᠭᠠᠨ ᠤ ᠭᠤᠷᠪᠠᠨ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2021/7/15
     7 ᠰᠠᠷ᠎ᠠ ᠶᠢᠨ 12 ᠠᠴᠠ 13 ᠤ ᠡᠳᠦᠷ ᠪᠣᠯᠲᠠᠯ᠎ᠠ᠂ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠳᠠᠳ ᠡᠷᠭᠢᠯᠡᠭᠴᠢ ᠵᠣᠤ ᠵᠢᠶᠦ᠋ᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠬᠦᠢᠷᠴᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ  ᠹᠧᠩ ᠴᠧᠩ ᠯᠢᠶᠠᠩ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠯᠢᠶᠠᠩ᠂ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ ᠯᠢ ᠶᠠᠩ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠥᠬᠦᠳ ᠪᠠᠷ᠎ᠠ ᠪᠣᠯᠪᠠ᠃
     ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ᠶᠠᠷᠢᠯᠴᠠᠬᠤ ᠬᠤᠷᠠᠯ ᠬᠤᠷᠠᠯᠳᠤᠭᠤᠯᠬᠤ ᠬᠡᠯᠪᠡᠷᠢ ᠪᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠵᠠᠰᠠᠭ ᠵᠠᠬᠢᠷᠭᠠᠨ ᠤ ᠭᠤᠷᠪᠠᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠳᠠᠷᠠᠭ᠎ᠠ ᠨᠢ ᠬᠤᠲᠠ ᠶᠢᠨ ᠠᠷᠠᠳ ᠤᠨ ᠶᠡᠭᠡ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠲᠤᠪᠴᠢᠶ᠎ᠠ ᠪᠣᠯᠤᠨ  ᠪᠠᠶ᠋ᠬᠠᠤᠪᠤᠭ᠎ᠠ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠤᠪᠴᠢᠶ᠎ᠠ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠡᠢ᠃      ᠵᠣᠣ ᠵᠢᠶᠦ᠋ᠨ ᠨᠥᠬᠦᠷ ᠴᠢᠬᠤᠯᠠᠴᠢᠯᠠᠬᠤ ᠳᠠᠭᠠᠨ᠂ ᠡᠨᠡ ᠤᠳᠠᠭ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠶ᠋ᠳᠬᠡᠯ ᠤᠨ ᠬᠠᠤᠯᠢ︾ ᠶᠢᠨ ᠬᠠᠤᠯᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠨᠡ ᠵᠢᠯ ᠤᠨ ᠬᠢᠨᠠᠯᠲᠠ ᠲᠠᠯᠪᠢᠬᠤ ᠠᠵᠢᠯ ᠤᠨ ᠨᠢᠭᠡᠨ ᠴᠢᠬᠤᠯᠠ ᠠᠭᠤᠯᠭ᠎ᠠ ᠮᠥᠨ᠂ ᠪᠠᠰᠠ ᠴᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠥᠯᠭᠢᠨ ᠠᠬᠢᠭᠤᠯᠬᠤ᠂ ︽ᠵᠠᠰᠠᠭ ᠵᠠᠬᠢᠷᠭᠠᠨ ᠤ ᠭᠤᠷᠪᠠᠨ ᠬᠠᠤᠯᠢ︾ ᠶᠢ ᠤᠬᠠᠭᠤᠯᠬᠤ ᠡᠷᠴᠢᠮ ᠢ ᠴᠢᠩᠭᠠᠷᠠᠭᠤᠯᠬᠤ᠂ ᠡᠮᠬᠢᠯᠡᠨ ᠳᠢᠭᠯᠡᠬᠦ ᠠᠵᠢᠯ ᠢ ᠬᠠᠪᠰᠤᠷᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠵᠠᠰᠠᠬᠤ ᠰᠢᠰᠲ᠋ᠧᠮ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠳᠡᠭᠡᠳᠦ ᠬᠡᠮᠵᠢᠶᠡᠨ ᠠᠴᠠ ︽ᠵᠠᠰᠠᠭ ᠵᠠᠬᠢᠷᠭᠠᠨ ᠤ ᠭᠤᠷᠪᠠᠨ ᠬᠠᠤᠯᠢ︾ ᠶᠢ ᠬᠡᠷᠡᠭᠵᠢᠭᠦᠯᠬᠦ ᠶᠢᠨ ᠣᠨᠴᠠᠭᠠᠶ ᠴᠢᠬᠤᠯᠠ ᠴᠢᠨᠠᠷ ᠢ ᠭᠦᠢᠴᠡᠳ ᠲᠠᠨᠢᠵᠤ᠂ ︽ᠬᠠᠤᠯᠢ ᠪᠠᠷ ᠵᠠᠰᠠᠬᠤ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠮᠥᠨ︾ ᠭᠡᠬᠦ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ ᠶᠢ ᠪᠠᠷᠢᠮᠲᠠᠯᠠᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠠᠩ ᠰᠠᠶᠢᠲᠤᠷ ᠬᠥᠭᠵᠢᠭᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号