ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠮᠣᠷᠢᠲᠤ ᠴᠠᠭᠳᠠᠭ᠎ᠠ — ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠬᠥᠮᠦᠨ ᠰᠣᠶᠣᠯ ᠤᠨ ᠦᠵᠡᠮᠵᠢ ᠶᠢ ᠰᠦᠯᠵᠢᠶᠡᠨ ᠳᠤ ᠭᠠᠷᠭᠠᠪᠠ
ᠨᠡᠶᠢᠲᠡᠯᠡᠭᠰᠡᠨ ᠴᠠᠭ᠄
2021/7/19
     ᠰᠢᠷᠠᠮᠥ᠋ᠷᠡᠨ ᠤ ᠦᠵᠡᠮᠵᠢ ᠶᠢᠨ ᠣᠷᠣᠨ ᠵᠢᠭᠤᠯᠴᠢᠯᠠᠯ ᠤᠨ ᠬᠥᠭᠵᠢᠯᠲᠡᠶ ᠤᠯᠠᠷᠢᠯ ᠳᠤ ᠣᠷᠣᠬᠤ ᠶᠢ ᠳᠠᠭᠠᠯᠳᠤᠨ ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠴᠠᠭᠳᠠᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠴᠠᠭᠳᠠᠭ᠎ᠠ ᠶᠢ ᠠᠮᠢᠳᠤᠯᠢᠭ ᠢᠶᠠᠷ ᠬᠡᠷᠡᠭᠯᠡᠨ᠂ ᠬᠤᠷᠴᠠ ᠴᠢᠳᠠᠮᠠᠭᠠᠶ ᠴᠠᠭᠳᠠᠭ᠎ᠠ ᠶᠢᠨ ᠬᠦᠴᠦᠨ ᠢ ᠲᠠᠲᠠᠵᠤ ᠳᠠᠷᠬᠠᠨ ᠮᠤᠤᠮᠢᠩᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠠᠯ᠎ᠠ ᠨᠤᠲᠤᠭ ᠤᠨ ᠮᠣᠷᠢᠲᠤ ᠴᠠᠭᠳᠠᠭ᠎ᠠ ᠶᠢᠨ ᠠᠩᠭᠢ ᠶᠢ ᠵᠣᠬᠢᠶᠠᠨ ᠪᠠᠶᠢᠭᠤᠯᠵᠤ᠂ ᠮᠣᠷᠢᠲᠤ ᠴᠠᠭᠳᠠᠭ᠎ᠠ ᠶᠢᠨ ᠠᠩᠭᠢ ᠨᠢ 8 ᠮᠣᠷᠢᠲᠠᠨ ᠢᠶᠠᠷ ᠪᠦᠷᠢᠯᠳᠦᠭᠰᠡᠨ ᠪᠠᠶᠢᠨ᠎ᠠ᠂ ︽ᠮᠣᠷᠢᠲᠤ ᠴᠡᠷᠢᠭ︾ ᠤᠨ ᠠᠷᠠᠳ ᠤᠨ ᠴᠠᠭᠳᠠᠭ᠎ᠠ ᠶᠢᠨ ᠳᠣᠲᠣᠷ᠎ᠠ ᠠᠴᠠ ᠳᠦᠷᠢ ᠲᠥᠷᠬᠦ ᠪᠠ ᠠᠵᠢᠯ ᠤᠨ ᠴᠢᠳᠠᠪᠤᠷᠢ ᠶᠢᠨ ᠠᠯᠢ ᠨᠢ ᠴᠦ ᠭᠡᠰᠡᠨ ᠴᠥᠮ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ ᠪᠠᠶᠢᠨ᠎ᠠ᠃
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠠᠯ᠎ᠠ ᠨᠤᠲᠤᠭ ᠤᠨ ᠮᠣᠷᠢᠲᠤ ᠴᠠᠭᠳᠠᠭ᠎ᠠ ᠶᠢᠨ ᠭᠤᠣᠯᠳᠠᠭᠤ ᠰᠢᠷᠠᠮᠦ᠋ᠨ ᠦᠵᠡᠮᠵᠢ ᠶᠢᠨ ᠣᠷᠣᠨ ᠤ ᠠᠮᠠᠷᠠᠯᠲᠠ ᠶᠢᠨ ᠲᠣᠰᠬᠤᠨ᠂ ᠵᠤᠭᠠᠴᠠᠯ ᠤᠨ ᠭᠠᠵᠠᠷ ᠵᠢᠴᠢ ᠡᠷᠬᠢᠨ ᠲᠣᠭᠤᠷᠢᠨ ᠤ ᠨᠤᠲᠤᠭ ᠪᠡᠯᠴᠢᠭᠡᠷ ᠢ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ᠂ ᠵᠤᠭᠠᠴᠠᠭᠰᠠᠳ ᠤᠨ ᠡᠮᠬᠢ ᠳᠢᠭᠯᠢᠮ ᠢ ᠬᠠᠮᠢᠶᠠᠷᠬᠤ᠂ ᠴᠠᠭᠳᠠᠭ᠎ᠠ ᠶᠢ ᠬᠥᠳᠡᠯᠦᠩᠭᠦᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠭᠡᠨᠡᠳᠲᠡ ᠶᠢᠨ ᠬᠡᠷᠡᠭ ᠢ ᠪᠠᠴᠢᠮ ᠠᠷᠭᠠᠴᠠᠨ ᠰᠢᠢᠳᠪᠦᠷᠢᠯᠡᠬᠦ᠂ ᠤᠯᠠᠨ ᠲᠦᠮᠡᠨ ᠤ ᠲᠤᠰᠠᠯᠠᠮᠵᠢ ᠭᠤᠶᠤᠴᠢᠯᠠᠬᠤ ᠶᠢ ᠬᠦᠯᠢᠶᠡᠨ ᠠᠪᠬᠤ ᠵᠡᠷᠭᠡ ᠠᠵᠢᠯ ᠢ ᠬᠠᠷᠢᠭᠤᠴᠠᠨ᠎ᠠ᠃ ᠲᠠᠯ᠎ᠠ ᠨᠤᠲᠤᠭ ᠤᠨ ᠮᠣᠷᠢᠲᠤ ᠴᠠᠭᠳᠠᠭ᠎ᠠ ᠶᠢᠨ ᠠᠩᠭᠢ ᠶᠢ ᠰᠦᠯᠵᠢᠶᠡᠨ ᠳᠤ ᠣᠷᠣᠭᠤᠯᠤᠭᠰᠠᠨ ᠢᠶᠠᠷ᠂ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠶᠢᠨ ᠠᠳᠡᠯ᠂ ᠵᠢᠭᠤᠷᠠᠯᠳᠤᠭᠠᠨ ᠤ ᠭᠠᠵᠠᠷ ᠲᠤ ᠬᠥᠷᠬᠦ ᠬᠤᠷᠳᠤᠴᠠ ᠶᠢ ᠶᠡᠭᠡ ᠪᠠᠷ ᠳᠡᠭᠡᠭᠰᠢᠯᠡᠭᠦᠯᠵᠦ᠂ ᠲᠦᠷᠭᠡᠨ ᠲᠤᠰᠬᠠᠬᠤ᠂ ᠲᠦᠷᠭᠡᠨ ᠰᠢᠶ᠋ᠳᠪᠦᠷᠢᠯᠡᠬᠦ ᠶᠢ ᠪᠡᠶᠡᠯᠡᠭᠦᠯᠵᠦ᠂ ᠡᠭᠦᠨ ᠤ ᠤᠯᠠᠮ ᠢᠶᠠᠷ ᠰᠢᠷᠠᠮᠥ᠋ᠷᠡᠨ ᠤ ᠦᠵᠡᠮᠵᠢ ᠶᠢᠨ ᠣᠷᠣᠨ ᠢ ᠬᠥᠳᠡᠯᠦᠩᠭᠦᠶ ᠪᠠᠷ ᠬᠠᠮᠢᠶᠠᠷᠤᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠠᠶᠢᠨ ᠰᠠᠶᠢᠬᠠᠨ ᠵᠢᠭᠤᠯᠴᠢᠯᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠰᠠᠶᠢᠨ ᠰᠠᠶᠢᠬᠠᠨ ᠰᠢᠷᠠᠮᠥ᠋ᠷᠡᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠳᠦᠷᠢ ᠲᠥᠷᠬᠦ ᠶᠢ ᠬᠠᠮᠠᠭᠠᠯᠠᠵᠤ ᠴᠢᠳᠠᠨ᠎ᠠ᠃
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠠᠯ᠎ᠠ ᠨᠤᠲᠤᠭ ᠤᠨ ᠮᠣᠷᠢᠲᠤ ᠴᠠᠭᠳᠠᠭ᠎ᠠ ᠶᠢᠨ ᠠᠩᠭᠢ ᠶᠢᠨ ᠬᠢᠨ ᠲᠠᠯ᠎ᠠ ᠨᠤᠲᠤᠭ ᠲᠤ ᠰᠦᠷ ᠵᠢᠪᠬᠤᠭ᠎ᠠ ᠲᠠᠢ ᠪᠠᠷ ᠵᠤᠭᠠᠴᠠᠨ ᠲᠣᠭᠤᠷᠢᠵᠤ᠂ ᠰᠢᠷᠠᠮᠦ᠋ᠷᠠᠨ ᠤ ᠦᠵᠡᠮᠵᠢ ᠶᠢᠨ ᠣᠷᠣᠨ ᠢ ᠠᠮᠢ ᠠᠬᠤᠶ ᠶᠢᠨ ᠪᠠᠶᠢᠭᠠᠯᠢ ᠶᠢᠨ ᠦᠵᠡᠮᠵᠢ ᠲᠠᠢ ᠪᠣᠯᠭᠠᠭᠰᠠᠨ ᠢᠶᠠᠷ ᠪᠠᠷᠠᠬᠤ ᠦᠭᠡᠶ ᠪᠠᠰᠠ ᠨᠢᠭᠡᠨ ᠭᠤᠶᠣ ᠰᠠᠶᠢᠬᠠᠨ ᠬᠥᠮᠦᠨ ᠰᠣᠶᠣᠯ ᠤᠨ ᠦᠵᠡᠮᠵᠢ ᠲᠠᠢ ᠪᠣᠯᠭᠠᠭᠰᠠᠨ ᠪᠠᠶᠢᠨ᠎ᠠ᠂ ᠡᠨᠡᠬᠦ ᠡᠩᠨᠡᠭᠡ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠡᠬᠦ ᠦᠵᠡᠰᠬᠦᠯᠡᠩᠲᠦ ᠰᠠᠶᠢᠬᠠᠨ ᠬᠢᠯᠢ ᠬᠢᠵᠠᠭᠠᠷ ᠤᠨ ᠵᠢᠵᠢᠭ ᠪᠠᠯᠭᠠᠰᠤᠨ ᠳᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠨᠡᠮᠡᠷᠢᠯᠡᠭᠰᠡᠨ ᠪᠥᠭᠡᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠬᠢᠵᠠᠭᠠᠷ ᠤᠨ ᠬᠤᠰᠢᠭᠤ ᠰᠢᠶᠠᠨ ᠤ ᠥᠪᠡᠷᠮᠢᠴᠡ ᠴᠤᠭ ᠵᠢᠪᠬᠤᠭ᠎ᠠ ᠶᠢ ᠬᠠᠷᠠᠭᠤᠯᠤᠭᠰᠠᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号