ᠵᠠᠮ ᠤᠨ ᠳ᠋ᠧᠩ ᠢ ᠬᠠᠮᠠᠭᠠᠯᠠᠵᠤ ᠪᠠᠶᠢᠴᠠᠭᠠᠨ ᠵᠠᠰᠠᠬᠤ ᠶᠢ ᠴᠢᠩᠭᠠᠳᠬᠠᠵᠤ ᠬᠤᠲᠠ ᠶᠢᠨ ᠭᠡᠷᠡᠯᠲᠦᠭᠦᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/7/19
     ᠬᠤᠲᠠ ᠪᠠᠯᠭᠠᠰᠤᠨ ᠤ ᠴᠢᠨᠠᠷ ᠳᠡᠰ ᠢ ᠳᠡᠭᠡᠭᠰᠢᠯᠡᠭᠦᠯᠬᠦ ᠶᠢᠨ ᠲᠥᠯᠥᠭᠡ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠶᠢᠨ ᠲᠥᠯᠥᠭᠡ᠂ ᠵᠣᠨ ᠤ ᠤᠯᠠᠷᠢᠯ ᠪᠣᠯᠤᠭᠰᠠᠨ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭᠠᠨ ᠤ ᠬᠢᠨ ᠪᠠᠯᠭᠠᠰᠤᠨ ᠤ ᠲᠣᠭᠤᠷᠢᠭ ᠤᠨ ᠵᠠᠮ ᠤᠨ ᠳ᠋ᠧᠩ ᠤᠨ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠬᠤᠲᠠ ᠶᠢᠨ ︽ᠨᠢᠳᠦ︾ ᠨᠢᠭᠡᠪᠦᠷᠢ ᠶᠢ ᠴᠥᠮ ᠭᠡᠷᠡᠯᠲᠦᠭᠦᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃       ᠶᠡᠭᠡ ᠠᠩᠭᠢ ᠶᠢᠨ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭᠠᠨ ᠤ ᠠᠵᠢᠯᠲᠠᠳ ᠰᠥᠨᠢ ᠪᠠᠷ ᠲᠣᠭᠤᠷᠢᠨ ᠪᠠᠶᠢᠴᠠᠭᠠᠵᠤ᠂ ᠡᠳᠦᠷ ᠲᠡᠭᠡᠨ ᠵᠠᠮ ᠤᠨ ᠳ᠋ᠧᠩ ᠢ ᠪᠠᠶᠢᠴᠠᠭᠠᠨ ᠰᠡᠯᠪᠢᠬᠦ ᠬᠥᠮᠦᠰ ᠢ ᠵᠣᠬᠢᠶᠠᠨ ᠪᠠᠶᠢᠭᠤᠯᠵᠤ ᠪᠠᠶᠢᠴᠠᠭᠠᠨ ᠵᠠᠰᠠᠭᠤᠯᠵᠤ᠂ ᠪᠠᠯᠭᠠᠰᠤᠨ ᠤ ᠲᠣᠭᠤᠷᠢᠭ ᠤᠨ ᠭᠤᠣᠯ ᠳᠡᠳ᠋ ᠵᠠᠮ ᠤᠨ ᠳ᠋ᠧᠩ ᠤᠨ ᠭᠡᠷᠡᠯᠲᠦᠭᠦᠯᠭᠡ ᠶᠢᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠵᠡᠭᠡᠯᠢ ᠭᠤᠳᠤᠮᠵᠢ᠂ ᠴᠡᠴᠡᠷᠯᠢᠭ ᠠᠭᠤᠳᠠᠮ ᠲᠠᠯᠠᠪᠠᠶ ᠵᠡᠷᠭᠡ ᠲᠠᠯᠠᠪᠤᠷ ᠤᠨ ᠵᠠᠮ ᠤᠨ ᠳ᠋ᠧᠩ ᠤᠨ ᠭᠡᠷᠡᠯᠲᠦᠭᠦᠯᠭᠡ ᠵᠢᠴᠢ ᠭᠡᠷᠡᠯᠲᠦᠭᠦᠯᠭᠡ ᠶᠢᠨ ᠢᠨᠵᠧᠨᠧᠷᠢᠩ ᠤᠨ ᠬᠠᠮᠠᠭᠠᠯᠠᠯᠲᠠ᠂ ᠪᠠᠶᠢᠴᠠᠭᠠᠯᠲᠠ ᠶᠢ ᠴᠢᠩᠭᠠᠳᠬᠠᠵᠤ᠂ ᠪᠠᠯᠭᠠᠰᠤ ᠶᠢᠨ ᠲᠣᠭᠤᠷᠢᠭ ᠤᠨ ᠵᠠᠮ ᠤᠨ ᠳ᠋ᠧᠩ᠂ ᠴᠡᠴᠡᠷᠯᠢᠭ᠂ ᠠᠭᠤᠳᠠᠮ ᠲᠠᠯᠠᠪᠠᠶ ᠶᠢᠨ ᠵᠠᠮ ᠤᠨ ᠳ᠋ᠧᠩ ᠪᠠ ᠦᠵᠡᠮᠵᠢ ᠶᠢᠨ ᠳ᠋ᠧᠩ᠂ ᠡᠨᠧᠷᠭᠢ ᠠᠷᠪᠢᠯᠠᠬᠤ ᠳ᠋ᠧᠩ ᠵᠡᠷᠭᠡ ᠪᠡᠯᠡᠳᠬᠡᠮᠵᠢ ᠶᠢ ᠭᠤᠤᠯᠳᠠᠯᠭ᠎ᠠ ᠲᠠᠢ ᠰᠡᠯᠪᠢᠨ ᠵᠠᠰᠠᠵᠤ᠂ ᠭᠤᠤᠯ ᠵᠠᠮ ᠤᠨ ᠳ᠋ᠧᠩ ᠤᠭᠰᠠᠷᠠᠬᠤ ᠨᠣᠷᠮ᠎ᠠ ᠶᠢ 100% ᠳᠤ ᠬᠦᠷᠦᠭᠦᠯᠵᠦ᠂ ᠳ᠋ᠧᠩ ᠠᠰᠠᠭᠠᠬᠤ ᠨᠣᠷᠮ᠎ᠠ ᠶᠢ 98% ᠳᠤ ᠬᠦᠷᠦᠭᠦᠯᠵᠦ᠂ ᠪᠡᠯᠡᠳᠬᠡᠮᠵᠢ ᠶᠢᠨ ᠪᠦᠷᠢᠨ ᠪᠦᠲᠦᠨ ᠪᠠᠶᠢᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠰᠠᠭᠠᠳ ᠥᠬᠡᠶ ᠠᠶᠠᠯᠠᠬᠤ ᠳᠤ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号