| 7 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠰᠢᠭᠤ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠳᠠᠬᠢᠨ | ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠪᠠᠶᠢᠩᠬᠤ ᠶᠢᠨ ᠳᠡᠳ᠋ | ᠳᠠᠷᠤᠭ᠎ᠠ ᠬᠤᠸᠠᠩ ᠯᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠬᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠤᠢ ᠬᠤᠷᠠᠯ ᠢ ᠡᠷᠭᠢᠯᠡᠵᠦ᠂ ᠪᠦᠭᠦ | ᠬᠤᠰᠢᠭᠤᠨ ᠤ ᠴᠤᠸᠠᠩ ᠴᠧᠩ ᠭᠤᠣᠯ ᠬᠠᠷᠢᠭᠤᠴᠠᠯᠭᠠᠲᠤ ᠨᠢᠭᠡᠴᠡ᠂ ᠪᠠᠲᠤᠬᠠᠭᠠᠯᠭ᠎ᠠ ᠪᠠᠯᠭᠠᠰᠤ ᠵᠢᠴᠢ ᠲᠤᠯᠤᠭᠠᠨ | ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠣᠶᠢᠷ᠎ᠠ ᠶᠢᠨ ᠬᠤᠭᠤᠴᠠᠭᠠᠨ ᠤ ᠬᠤᠲᠠ | ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠮᠡᠳᠡᠭᠦᠯᠪᠡ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ᠂ ᠣᠷᠣᠨ | ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯ ᠨᠢᠭᠡᠨ ᠤᠯᠤᠰ ᠲᠥᠷᠥ ᠶᠢᠨ ᠡᠭᠦᠷᠭᠡ ᠮᠥᠨ ᠪᠥᠭᠡᠳ | ᠪᠠᠰᠠ ᠴᠤ ᠠᠷᠠᠳ ᠣᠯᠠᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ | ᠬᠤᠯᠪᠣᠭᠳᠠᠯ ᠪᠦᠬᠦᠢ ᠨᠢᠭᠡᠴᠡ ᠨᠦᠭᠦᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠠᠷᠠᠳ ᠲᠤ | ᠠᠰᠢᠭ ᠬᠦᠷᠲᠡᠭᠡᠬᠦ᠂ ᠡᠭᠦᠳᠦᠨ ᠪᠠᠶᠢᠭᠤᠯᠵᠤ ᠠᠷᠠᠳ ᠲᠤ ᠠᠰᠢᠭ ᠬᠦᠷᠲᠡᠭᠡᠬᠦ ᠠᠵᠢᠯ ᠤᠨ ᠴᠢᠭᠯᠡᠯ ᠢ ᠪᠠᠲᠤ ᠡᠵᠡᠮᠳᠡᠵᠦ | ᠂ ᠬᠠᠷᠠᠯᠲᠠ ᠪᠠᠷ ᠬᠦᠳᠦᠯᠦᠨ ᠳᠠᠭᠠᠭᠤᠯᠬᠤ᠂ ᠪᠠᠷᠢᠮᠵᠢᠶ᠎ᠠ ᠪᠠᠷ ᠬᠦᠰᠦᠨᠦᠭᠲᠦ ᠪᠠᠨ ᠲᠤᠯᠭᠠᠬᠤ᠂ ᠭᠤᠣᠯᠳᠠᠯᠭ᠎ᠠ ᠶᠢ | ᠲᠤᠪᠤᠶᠢᠯᠭᠠᠬᠤ ᠶᠢ ᠪᠠᠷᠢᠮᠲᠠᠯᠠᠵᠤ᠂ ᠡᠭᠦᠳᠦᠨ ᠪᠠᠶᠢᠭᠤᠯᠬᠤ ᠳᠤ ᠵᠠᠪᠠᠯ ᠪᠡᠶᠡᠯᠡᠭᠦᠯᠬᠦ ᠪᠠᠲᠤ ᠴᠢᠩᠭ᠎ᠠ ᠵᠣᠷᠢᠭ ᠪᠠ | ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠪᠠᠷ ᠪᠣᠯᠪᠠᠰᠤᠨ ᠬᠤᠳᠠ ᠶᠢ ᠡᠭᠦᠳᠦᠨ | ᠪᠠᠶᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ | | ᠬᠤᠷᠠᠯ ᠠᠴᠠ ᠴᠢᠬᠤᠯᠠᠴᠢᠯᠠᠭᠰᠠᠨ ᠨᠢ᠂ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠣᠯᠠᠨ ᠲᠦᠮᠡᠨ ᠤ ᠬᠤᠲᠠ ᠪᠠᠶᠢᠭᠤᠯᠬᠤ ᠠᠵᠢᠯ ᠤᠨ ᠲᠤᠬᠠᠶ ᠲᠠᠨᠢᠯᠲᠠ᠂ ᠬᠠᠨᠤᠮᠵᠢ ᠶᠢᠨ ᠬᠡᠮᠵᠢᠶ᠎ᠡ ᠪᠠ | ᠳᠡᠮᠵᠢᠯᠭᠡ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠠᠭᠤᠭᠠᠯᠢ ᠠᠷᠠᠳ | ᠬᠠᠮᠲᠤ ᠪᠠᠷ ᠬᠤᠲᠠ ᠶᠢᠨ ᠬᠠᠮᠢᠶᠠᠷᠤᠯᠲᠠ ᠳᠤ ᠣᠷᠣᠯᠴᠠᠵᠤ᠂ ᠬᠠᠮᠲᠤ ᠪᠠᠷ ᠪᠣᠯᠪᠠᠰᠤᠨ ᠬᠤᠲᠠ ᠶᠢ ᠪᠥᠲᠥᠭᠡᠨ | ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠮᠥᠷᠳᠡᠨ ᠬᠢᠨᠠᠨ ᠵᠢᠯᠣᠭᠤᠳᠬᠤ ᠶᠢ ᠴᠢᠩᠭᠠᠳᠬᠠᠵᠤ᠂ ᠠᠵᠢᠯ ᠤᠨ | ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠡᠯ᠎ᠡ ᠵᠦᠶ᠋ᠯ ᠤᠨ ᠡᠭᠦᠷᠭᠡ ᠶᠢ ᠨᠠᠷᠢᠨ ᠨᠢᠮᠪᠠᠶ | ᠨᠠᠶᠢᠳᠠᠪᠤᠷᠢᠵᠢᠭᠤᠯᠤᠨ ᠪᠠᠭ᠎ᠠ ᠪᠠᠭ᠎ᠠ ᠪᠠᠷ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠬᠡᠷᠡᠭᠲᠡᠶ | ᠃ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ | ᠂ ᠰᠢᠯᠭᠠᠨ ᠦᠨᠡᠯᠡᠬᠦ ᠰᠢᠰᠲ᠋ᠧᠮ ᠲᠠᠢ ᠬᠠᠷᠢᠴᠠᠭᠤᠯᠵᠤ᠂ ᠭᠤᠣᠯᠳᠠᠯᠭ᠎ᠠ ᠲᠠᠢ ᠲᠠᠯᠠᠪᠤᠷ ᠢ ᠪᠦᠬᠦ ᠲᠠᠯ᠎ᠠ ᠪᠠᠷ ᠨᠠᠷᠢᠨ | ᠨᠢᠮᠪᠠᠢ ᠪᠠᠶᠢᠴᠠᠭᠠᠵᠤ᠂ ᠠᠰᠠᠭᠤᠳᠠᠯ ᠤᠨ ᠨᠠᠷᠢᠨ ᠲᠠᠩᠰᠠ ᠶᠢ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ | ᠬᠡᠷᠡᠭᠲᠡᠢ᠃ ᠬᠦᠴᠦᠷᠬᠡᠭ ᠶᠡᠭᠡ ᠪᠣᠭᠤᠮᠲᠠ ᠰᠢᠪᠲᠤᠯᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠯ᠎ᠡ ᠬᠠᠮᠢᠶ᠎ᠠ | ᠪᠦᠬᠦᠢ ᠨᠢᠭᠡᠴᠡ ᠶᠢᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠮᠥᠷᠲᠡᠭᠡᠨ ᠪᠠᠰᠠ | ᠬᠠᠮᠵᠢᠯᠴᠠᠨ ᠬᠠᠮᠲᠤᠷᠠᠯᠴᠠᠵᠤ᠂ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ ᠴᠢᠨᠠᠷ ᠰᠠᠶᠢᠲᠠᠢ ᠥᠨᠳᠥᠷ | ᠪᠠᠷᠢᠮᠵᠢᠶ᠎ᠠ ᠪᠠᠷ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠤᠳᠠ | ᠪᠠᠯᠭᠠᠰᠤᠨ ᠤ ᠬᠠᠤᠯᠢᠵᠢᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠠᠶᠢᠩᠭᠤ ᠶᠢᠨ ᠤᠷᠳᠤ | ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠭᠦᠯᠵᠦ᠂ ᠡᠭᠦᠳᠦᠨ ᠪᠠᠶᠢᠭᠤᠯᠤᠭᠰᠠᠨ | ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠢ᠃ ᠰᠠᠭᠤᠭᠠᠯᠢ ᠠᠷᠠᠳ ᠤᠨ ᠪᠣᠯᠪᠠᠰᠤᠨ ᠪᠤᠰᠤ ᠦᠢᠯᠡ ᠠᠵᠢᠯᠯᠠᠭ᠎ᠠ ᠶᠢ | ᠬᠥᠮᠦᠵᠢᠭᠦᠯᠦᠨ ᠰᠢᠳᠬᠡᠬᠦ ᠡᠷᠴᠢᠮ ᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠨᠠᠮ ᠵᠠᠰᠠᠭ ᠤᠨ ᠰᠠᠯᠠᠭ᠎ᠠ ᠮᠥᠴᠢᠷ ᠤᠨ ᠬᠢᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ | ᠴᠤᠩᠬᠤᠪᠴᠢ ᠨᠢᠭᠡᠴᠢ ᠶᠢᠨ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ︽ᠪᠣᠯᠪᠠᠰᠤᠨ ᠬᠤᠳᠠ ᠶᠢ | ᠤᠯᠠᠨ ᠢᠶᠠᠷ ᠢᠶᠠᠨ ᠴᠣᠭᠴᠠᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠥᠬᠦᠶ ᠨᠢᠭᠡᠴᠡ ᠪᠥᠬᠦ ᠬᠤᠰᠢᠭᠤᠨ ᠤ ᠨᠢᠭᠡ ᠬᠥᠯᠭᠡ | ᠰᠢᠲᠠᠷ᠎ᠠ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠥᠮᠦᠨ ᠢᠶᠠᠷ ᠦᠨᠳᠦᠰᠦ ᠪᠣᠯᠭᠠᠬᠤ | ᠣᠶᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ ᠰᠡᠳᠬᠢᠯ ᠨᠢᠭᠡᠳᠦᠨ ᠴᠢᠷᠮᠠᠶᠢᠵᠤ᠂ ᠬᠤᠲᠠ ᠪᠠᠶᠢᠭᠤᠯᠬᠤ ᠡᠯ᠎ᠡ | ᠵᠦᠶ᠋ᠯ ᠤᠨ ᠠᠵᠢᠯ ᠢ ᠦᠨᠡᠨᠬᠦ ᠴᠢᠩᠭ᠎ᠠ ᠠᠳᠬᠤᠨ ᠪᠣᠳᠠᠲᠠᠶ ᠠᠳᠬᠤᠨ ᠦᠷ᠎ᠡ ᠪᠦᠲᠦᠮᠵᠢ ᠭᠠᠷᠭᠠᠵᠤ᠂ ᠪᠥᠬᠦ | ᠣᠷᠣᠨ ᠤ 31 ᠳ᠋ᠦᠭᠡᠷ ᠬᠤᠭᠤᠴᠠᠭᠠᠨ ᠤ ᠨᠠᠭᠠᠳᠤᠮ ᠤᠨ ᠤᠷᠤᠭᠰᠢᠲᠠᠶ ᠬᠤᠷᠠᠯᠳᠤᠬᠤ ᠳᠤ ᠴᠡᠪᠡᠷ ᠴᠡᠮᠴᠡᠭᠡᠷ᠂ ᠡᠶ᠎ᠡ | ᠵᠣᠬᠢᠴᠠᠯ ᠲᠠᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠬᠥᠳᠡᠭᠡ ᠶᠢᠨ ᠣᠷᠴᠢᠨ ᠲᠣᠭᠤᠷᠢᠨ ᠢ ᠪᠣᠶ | ᠪᠣᠯᠭᠠᠬᠤ ᠬᠡᠷᠡᠭᠲᠡᠶ᠃ |