7 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠤᠭᠠᠴᠠᠯ ᠤᠨ ᠲᠢᠩᠬᠢᠮ ᠤᠨ | ᠡᠬᠢ ᠪᠠᠶᠠᠯᠢᠭ ᠤᠨ ᠭᠠᠵᠠᠷ ᠤᠨ ᠳᠠᠷᠤᠭ᠎ᠠ ᠵᠠᠩ ᠶᠠᠨ ᠷᠦ ᠨᠠᠷ ᠮᠠᠨ ᠤ ᠬᠤᠰᠢᠭᠤᠨ ᠳᠤ ᠢᠷᠡᠵᠦ᠂ ᠥᠪᠡᠷᠲᠡᠭᠡᠨ | ᠵᠠᠰᠠᠬᠤ ᠣᠷᠣᠨ ᠤ 31 ᠳ᠋ᠦᠭᠡᠷ ᠬᠤᠭᠤᠴᠠᠭᠠᠨ ᠤ ᠵᠤᠭᠠᠴᠠᠯ ᠤᠨ ᠨᠠᠭᠠᠳᠤᠮ ᠤᠨ ᠬᠤᠷᠠᠯ ᠵᠢᠴᠢ ᠳᠠᠷᠬᠠᠨ ᠮᠤᠤ ᠶᠢᠨ | ᠬᠤᠯᠪᠣᠭᠠᠲᠤ ᠬᠤᠰᠢᠭᠤᠨ ᠤ 8 ᠳ᠋ᠤᠭᠠᠷ ᠬᠤᠭᠤᠴᠠᠭᠠᠨ ᠤ ᠨᠡᠭᠦᠳᠡᠯ ᠰᠣᠶᠣᠯ ᠤᠨ ᠵᠤᠭᠠᠴᠠᠯ ᠤᠨ ᠪᠠᠶᠠᠷ ᠤᠨ | ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ | ᠬᠠᠮᠲᠤ ᠶᠠᠷᠢᠯᠴᠠᠬᠤ ᠬᠤᠷᠠᠯ ᠬᠢᠪᠠ᠃ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠶᠡᠭᠡ ᠬᠤᠷᠠᠯ ᠤᠨ ᠭᠤᠤᠯ ᠬᠤᠷᠠᠯ ᠤᠨ ᠲᠠᠯᠠᠪᠠᠶ ᠶᠢ ᠵᠠᠭᠠᠭᠯᠠᠨ ᠲᠣᠭᠲᠠᠭᠠᠭᠰᠠᠨ᠂ | ᠲᠥᠬᠦᠭᠡᠷᠦᠮᠵᠢ ᠶᠢ ᠢᠵᠢ ᠪᠥᠷᠢᠳᠦᠭᠦᠯᠦᠭᠰᠡᠨ᠂ ᠲᠥᠬᠦᠭᠡᠷᠦᠮᠵᠢ ᠶᠢ ᠲᠤᠷᠰᠢᠨ ᠲᠣᠬᠢᠷᠠᠭᠤᠯᠤᠭᠰᠠᠨ ᠪᠠᠶᠢᠳᠠᠯ ᠢ ᠨᠠᠷᠢᠨ | ᠨᠢᠮᠪᠠᠶ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠬᠠᠮᠠᠭᠠᠯᠠᠯᠲᠠ ᠶᠢᠨ | ᠠᠵᠢᠯ ᠤᠨ ᠪᠠᠶᠢᠷᠢᠯᠠᠭᠤᠯᠤᠯᠲᠠ ᠶᠢ ᠵᠢᠯᠣᠭᠤᠳᠪᠠ᠃ | | ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ᠂ ᠣᠷᠣᠯᠠᠭᠴᠢ | ᠴᠠᠩ ᠱᠢ ᠵᠦᠩ ᠴᠢᠨ ᠪᠠᠶᠢᠴᠠᠭᠠᠨ ᠰᠤᠳᠤᠯᠬᠤ ᠳᠤᠭᠤᠶᠢᠯᠠᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠬᠦ ᠶᠢᠨ ᠬᠠᠮᠲᠤ ᠨᠠᠭᠠᠳᠤᠮ ᠤᠨ ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠵᠠᠰᠠᠭ ᠤᠨ ᠣᠷᠳᠣᠨ ᠤ ᠳᠠᠳ ᠳᠠᠷᠤᠭ᠎ᠠ ᠵᠠᠩ ᠪᠠᠭ᠎ᠠ ᠠᠴᠠ | ᠥᠪᠡᠷᠲᠡᠭᠡᠨ ᠵᠠᠰᠠᠬᠤ ᠣᠷᠣᠨ ᠤ 31 ᠳ᠋ᠦᠭᠡᠷ ᠬᠤᠭᠤᠴᠠᠭᠠᠨ ᠤ ᠵᠤᠭᠠᠴᠠᠯ ᠤᠨ ᠨᠠᠭᠠᠳᠤᠮ ᠤᠨ ᠬᠤᠷᠠᠯ ᠵᠢᠴᠢ | ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ 8 ᠲᠤᠭᠠᠷ ᠬᠤᠭᠤᠴᠠᠭᠠᠨ ᠤ ᠨᠡᠭᠦᠳᠡᠯ ᠰᠣᠶᠣᠯ ᠤᠨ ᠵᠤᠭᠠᠴᠠᠯ ᠤᠨ | ᠪᠠᠶᠠᠷ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠨᠠᠷᠢᠨ ᠲᠣᠳᠣᠷᠬᠠᠶ ᠬᠠᠷᠢᠭᠤ | ᠮᠡᠳᠡᠭᠦᠯᠦᠯᠲᠡ ᠬᠢᠵᠡᠶ᠃ | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠠᠭᠠᠳᠤᠮ ᠤᠨ ᠬᠤᠷᠠᠯ ᠤᠨ ᠡᠯ᠎ᠡ | ᠲᠦᠷᠦᠯ ᠤᠨ ᠠᠵᠢᠯ ᠢ ᠭᠦᠢᠴᠡᠳ ᠨᠤᠲᠠᠯᠠᠭᠰᠠᠨ ᠤ ᠬᠠᠮᠲᠤ᠂ ᠪᠦᠭᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠤᠨ ᠬᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠵᠤ᠂ ᠡᠯ᠎ᠡ ᠲᠦᠷᠦᠯ ᠤᠨ ᠡᠭᠦᠷᠭᠡ ᠶᠢ ᠲᠠᠬᠢᠨ ᠰᠤᠳᠤᠯᠤᠨ ᠮᠠᠭᠠᠳᠯᠠᠵᠤ᠂ ᠲᠠᠬᠢᠨ | ᠨᠠᠷᠢᠯᠢᠬᠵᠢᠭᠤᠯᠵᠤ᠂ ᠲᠠᠬᠢᠨ ᠲᠣᠳᠣᠷᠬᠠᠶᠢᠯᠠᠵᠤ᠂ ᠲᠠᠬᠢᠨ ᠪᠠᠲᠤᠳᠬᠠᠬᠤ ᠬᠡᠷᠡᠭᠲᠡᠢ︔ ᠡᠯ᠎ᠡ ᠪᠦᠷᠢᠯᠳᠦᠬᠦᠨ | ᠨᠢᠭᠡᠴᠡ ᠨᠦᠭᠦᠳ ᠵᠣᠬᠢᠴᠠᠭᠤᠯᠤᠨ ᠬᠠᠮᠵᠢᠯᠴᠠᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠡᠯ᠎ᠡ | ᠠᠭᠤᠯᠭ᠎ᠠ᠂ ᠭᠤᠭᠴᠤᠭ᠎ᠠ᠂ ᠠᠯᠬᠤᠮ ᠳᠠᠷᠠᠭ᠎ᠠ ᠶᠢ ᠨᠢᠭᠲᠠ ᠠᠪᠴᠠᠯᠳᠤᠭᠤᠯᠤᠨ ᠨᠢᠭᠲᠠ ᠵᠣᠯᠭᠠᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ︔ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠤᠷᠢᠳᠴᠢᠯᠠᠨ ᠪᠠᠶᠢᠴᠠᠭᠠᠵᠤ᠂ | ᠠᠮᠤᠷ ᠲᠦᠪᠰᠢᠨ ᠤ ᠪᠠᠲᠤᠯᠠᠪᠤᠷᠢ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ᠂ ᠲᠤᠰ ᠤᠳᠠᠭ᠎ᠠ ᠶᠢᠨ ᠥᠪᠡᠷᠲᠡᠭᠡᠨ ᠵᠠᠰᠠᠬᠤ | ᠣᠷᠣᠨ ᠤ 31 ᠳ᠋ᠦᠭᠡᠷ ᠬᠤᠭᠤᠴᠠᠭᠠᠨ ᠤ ᠵᠤᠭᠠᠴᠠᠯ ᠤᠨ ᠨᠠᠭᠠᠳᠤᠮ ᠤᠨ ᠶᠡᠭᠡ ᠬᠤᠷᠠᠯ ᠵᠢᠴᠢ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ 8 ᠳ᠋ᠤᠭᠠᠷ ᠬᠤᠭᠤᠴᠠᠭᠠᠨ ᠤ ᠨᠡᠭᠦᠳᠡᠯ ᠮᠠᠯᠵᠢᠯ ᠤᠨ ᠰᠣᠶᠣᠯ ᠵᠤᠭᠠᠴᠠᠯ ᠤᠨ ᠨᠠᠶᠢᠷ ᠤᠨ | ᠤᠷᠤᠭᠰᠢᠲᠠᠢ ᠡᠬᠢᠯᠡᠬᠦ ᠪᠠ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |