7 ᠰᠠᠷ᠎ᠠ ᠶᠢᠨ 14 ᠤ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠨᠠᠮ ᠤᠨ ᠬᠤᠷᠢ᠊ ᠡᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠲᠥᠪᠯᠡᠷᠡᠩᠭᠦᠢ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃ ᠬᠤᠰᠢᠭᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠭᠡᠰᠢᠭᠦᠨ᠂ ᠪᠥᠬᠦ ᠬᠤᠰᠢᠭᠤᠨ ᠤ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ | ᠰᠤᠷᠤᠯᠴᠠᠯᠭ᠎ᠠ ᠳᠤ ᠣᠷᠣᠯᠴᠠᠵᠤ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠵᠠᠩ ᠰᠢᠤᠢ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ | | | | | | ᠰᠤᠷᠤᠯᠴᠠᠯᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ | ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠫᠷᠤᠹᠧᠰᠰᠤᠷ ᠦ᠋ ᠰᠢᠤ ᠬᠤᠸᠠ ᠶᠢ ᠣᠨᠴᠠᠭᠠᠶᠢᠯᠠᠨ ᠤᠷᠢᠵᠤ ︽ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠲᠡᠮᠡᠴᠡᠰᠦᠭᠡᠢ | — ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠶ᠎ᠠ︾ ᠭᠡᠬᠦ ᠰᠡᠳᠦᠪ ᠢᠶᠠᠷ | ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠲᠠᠶᠢᠯᠤᠮᠵᠢ ᠨᠢ ᠶᠠᠷᠢᠶᠠᠨ ᠤ ᠵᠣᠷᠢᠭ ᠰᠠᠨᠠᠭᠠᠨ ᠤ ᠴᠢᠬᠤᠯᠠ ᠶᠡᠭᠡ ᠠᠴᠢ | ᠬᠤᠯᠪᠣᠭᠳᠠᠯ᠂ ᠭᠤᠤᠯ ᠠᠭᠤᠯᠭ᠎ᠠ᠂ ᠲᠣᠪᠤᠶᠢᠮ᠎ᠠ ᠬᠢᠯᠠᠰ ᠴᠡᠭ ᠵᠡᠷᠭᠡ ᠬᠡᠳᠦᠨ ᠲᠠᠯ᠎ᠠ ᠪᠠᠷ ᠭᠤᠤᠯᠯᠠᠭᠤᠯᠤᠨ ᠰᠢ ᠶᠢᠨ | ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ | ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠦᠵᠡᠯ ᠰᠠᠨᠠᠭ᠎ᠠ ᠨᠢ ᠭᠦᠨ ᠭᠦᠨᠵᠡᠭᠡᠶ᠂ ᠠᠭᠤᠯᠬᠤᠨ ᠨᠢ ᠪᠠᠶᠠᠯᠢᠭ᠂ | ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠲᠤᠭ ᠢ ᠡᠷᠭᠦᠨ ᠴᠢᠭᠯᠡᠯ ᠢ ᠲᠣᠭᠲᠠᠭᠠᠵᠤ᠂ ᠰᠦᠷ ᠵᠢᠪᠬᠤᠭ᠎ᠠ ᠪᠠᠷ | ᠠᠤᠭ᠎ᠠ ᠶᠡᠭᠡ ᠪᠠᠶᠢᠳᠠᠭ᠃ ᠮᠠᠨ ᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ | ᠲᠤᠬᠠᠢ ᠲᠠᠨᠢᠯᠲᠠ ᠶᠢ ᠰᠢᠨ᠎ᠡ ᠦᠨᠳᠦᠷᠴᠡ ᠳᠤ ᠬᠦᠷᠲᠡᠯ᠎ᠡ ᠳᠡᠭᠡᠭᠰᠢᠯᠡᠭᠦᠯᠬᠦ ᠪᠣᠯ ᠮᠠᠷᠺᠰ ᠤᠨ ᠦᠵᠡᠯ ᠤᠨ | ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠵᠢᠯᠯᠠᠭᠠᠨ ᠤ | ᠵᠦᠭᠯᠡᠭᠦᠷ ᠮᠥᠨ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ | ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠤᠯ | ᠠᠭᠤᠯᠭ᠎ᠠ ᠪᠣᠯᠭᠠᠵᠤ᠂ ᠰᠤᠷᠤᠯᠴᠠᠯᠭ᠎ᠠ ᠰᠣᠯᠢᠯᠴᠠᠭ᠎ᠠ ᠶᠢ ᠭᠦᠨᠵᠡᠭᠡᠶ ᠥᠷᠨᠢᠭᠦᠯᠵᠦ᠂ ᠣᠨᠣᠯ ᠤᠨ ᠤᠬᠠᠭᠤᠯᠭ᠎ᠠ᠂ | ᠲᠤᠰᠬᠠᠶ ᠰᠡᠳᠦᠪ ᠤᠨ ᠰᠤᠳᠤᠯᠤᠨ ᠶᠠᠷᠢᠯᠴᠠᠭ᠎ᠠ᠂ ᠬᠠᠪᠰᠤᠷᠤᠨ ᠵᠢᠯᠣᠭᠤᠳᠬᠤ ᠮᠡᠳᠡᠭᠦᠯᠦᠯᠲᠡ᠂ ᠶᠠᠷᠢᠯᠴᠠᠨ | ᠰᠣᠯᠢᠯᠴᠠᠬᠤ ᠵᠡᠷᠭᠡ ᠣᠯᠠᠨ ᠵᠦᠶ᠋ᠯ ᠤᠨ ᠬᠡᠯᠪᠡᠷᠢ ᠶᠢ ᠠᠪᠴᠤ᠂ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ | ᠨᠡᠪᠲᠡᠷᠡᠲᠡᠯ᠎ᠡ ᠣᠶᠢᠯᠠᠭᠠᠬᠤ ᠬᠡᠷᠡᠭᠲᠡᠶ᠃ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠢ ᠰᠠᠶᠢᠲᠤᠷ ᠬᠤᠷᠠᠯᠳᠤᠭᠤᠯᠵᠤ᠂ ᠭᠤᠣᠯᠳᠠᠭᠤ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ | ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ | ᠲᠠᠨᠢᠯᠲᠠ ᠪᠠᠨ ᠶᠠᠷᠢᠵᠤ᠂ ᠵᠥᠷᠢᠶ᠎ᠡ ᠪᠠᠨ ᠡᠷᠢᠵᠦ᠂ ᠴᠢᠭᠯᠡᠯ ᠢᠶᠠᠨ ᠲᠣᠳᠣᠷᠬᠠᠶᠢᠯᠠᠬᠤ ᠬᠡᠷᠡᠭᠲᠡᠶ᠃ ︽ᠪᠢ ᠤᠯᠠᠨ | ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠠᠷ ᠭᠠᠷᠳᠠᠴᠠ ᠪᠣᠯᠭᠠᠵᠤ᠂ ᠪᠣᠳᠠᠲᠠᠢ ᠶᠠᠪᠤᠳᠠᠯ ᠤᠨ ᠨᠠᠷᠢᠨ | ᠲᠠᠩᠰᠠ ᠲᠠᠢ ᠬᠠᠷᠢᠴᠠᠭᠤᠯᠵᠤ᠂ ᠰᠡᠳᠬᠢᠯ ᠲᠠᠯᠪᠢᠵᠤ ᠬᠦᠴᠦ ᠣᠷᠣᠭᠤᠯᠤᠨ ᠤᠯᠠᠨ ᠲᠦᠮᠡᠨ ᠳᠤ ᠪᠣᠳᠠᠲᠠᠢ ᠶᠠᠪᠤᠳᠠᠯ | ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ | |