ᠡᠨᠡ ᠵᠢᠯ ᠪᠤᠯ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠮᠦᠨ᠃ | 6 ᠰᠠᠷ᠎ᠠ ᠶᠢᠨ29 ᠤ ᠤᠷᠤᠢ ᠲᠠᠷᠬᠠᠨ ᠮᠤᠤᠮᠢᠩᠭᠠᠨ ᠤ ᠠᠷᠠᠳ ᠲᠦᠮᠡᠨ ᠡᠬᠡ ᠤᠯᠤᠰ᠂ ᠡᠪ ᠬᠠᠮᠳᠦ ᠨᠠᠮ᠂ | ᠨᠤᠳᠤᠭ ᠤᠰᠤ ᠪᠠᠨ ᠮᠠᠭᠳᠠᠨ ᠲᠠᠭᠤᠯᠠᠵᠦ᠂ ᠲᠠᠯ᠎ᠠ ᠨᠤᠳᠤᠭ ᠤᠨ ᠦᠬᠢᠳ ᠬᠦᠪᠡᠭᠦᠳ ᠤᠨ ᠨᠠᠮ ᠪᠠ ᠡᠬᠡ ᠤᠯᠤᠰ | ᠲᠤ ᠪᠠᠨ ᠲᠠᠯᠠᠷᠬᠠᠵᠦ ᠪᠠᠶᠢᠭ᠎ᠠ ᠬᠠᠶᠢᠷ᠎ᠠ ᠰᠡᠳᠭᠢᠯᠭᠡ ᠶᠢ ᠢᠯᠡᠷᠡᠭᠦᠯᠦᠭᠰᠡᠨ ︽ᠵᠠᠭᠤᠨ ᠵᠢᠯ ᠤᠨ ᠲᠡᠥᠯᠡᠯ ᠤᠨ ᠵᠠᠮ᠂ | ᠬᠠᠮᠳᠦ ᠪᠠᠷ ᠴᠤᠭᠴᠠᠯᠠᠬᠤ ᠰᠢᠨ᠎ᠡ ᠡᠷᠡᠨ︾ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ | ᠪᠠᠳᠦ ᠴᠤᠭᠴᠠᠯᠠᠬᠤ ᠲᠤᠰᠬᠠᠢ ᠲᠠᠯᠠᠪᠤᠷ ᠤᠨ ᠦᠳᠡᠰᠢᠯᠡᠭᠡ ᠬᠠᠮ ᠵᠠᠭᠤᠴᠢᠯᠠᠭᠤᠷ ᠤᠨ ᠲᠦᠪ ᠲᠤ ᠶᠠᠪᠤᠭᠳᠠᠭᠰᠠᠨ | ᠪᠠᠶᠢᠨ᠎ᠠ᠃ | ᠦᠳᠡᠰᠢᠯᠡᠭᠡ ᠨᠢ᠂ ᠤᠯᠠᠭᠠᠨᠮᠦ᠋ᠴᠢᠷ ᠤᠨ ᠲᠤᠭᠯᠠᠭᠴᠢᠳ ᠤᠨ ︽ᠲᠠᠯ᠎ᠠ ᠨᠤᠳᠤᠭ ᠲᠤ ᠮᠦᠩᠭᠡ ᠶᠢᠨ ᠨᠠᠷᠠ | ᠮᠠᠨᠳᠤᠯ᠎ᠠ︾ ᠬᠡᠭᠦ ᠲᠠᠭᠤᠤ ᠪᠦᠵᠢᠭ ᠢᠶᠠᠷ ᠬᠦᠰᠢᠭᠡ ᠪᠠᠨ ᠰᠡᠬᠦᠵᠦ᠂ ︽ᠮᠠᠯᠴᠢᠨ ᠲᠦᠮᠡᠨ ᠡᠪ ᠬᠠᠮᠳᠦ ᠨᠠᠮ ᠢᠶᠠᠨ | ᠮᠠᠭᠳᠠᠨ ᠲᠠᠭᠤᠯᠠᠨ᠎ᠠ︾ ︽ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ︾ ︽ᠤᠯᠤᠰ ᠤᠨ | ᠬᠡᠥᠬᠡᠳ︾ ᠵᠡᠷᠭᠡ ᠲᠤᠭᠯᠠᠯᠳᠠ ᠪᠠᠷ ᠠᠭᠤᠤ ᠶᠡᠭᠡ ᠡᠪ ᠬᠠᠮᠳᠦ ᠨᠠᠮ ᠤᠨ ᠠᠤᠭ᠎ᠠ ᠶᠡᠭᠡ ᠲᠡᠥᠬᠡᠨ ᠦᠩᠭᠡᠷᠡᠯᠳᠡ᠂ | ᠵᠠᠭᠤᠨ ᠵᠢᠯ ᠤᠨ ᠭᠡᠷᠡᠯ ᠰᠠᠴᠤᠷᠠᠩᠭᠤᠢ ᠭᠠᠪᠢᠶ᠎ᠠ ᠵᠢᠳᠭᠦᠯ᠂ ᠭᠤᠶᠢᠪᠠᠰᠢ ᠦᠭᠡᠢ ᠦᠨᠡᠨ ᠶᠤᠰᠤ ᠶᠢ ᠦᠭᠦᠯᠡᠵᠦ᠂ | ᠠᠬᠤᠢ ᠲᠠᠯᠠᠪᠠᠢ ᠳᠤ ᠬᠦᠷᠦᠯᠴᠡᠨ ᠢᠷᠡᠭᠰᠡᠨ ᠦᠵᠡᠭᠴᠢᠳ ᠲᠤ ᠨᠠᠮ ᠤᠨ ᠬᠦᠮᠦᠵᠢᠯ ᠬᠦᠷᠳᠡᠭᠡᠨ᠂ ᠲᠤᠮᠳᠠᠳᠦ | ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠳᠤ ᠪᠡᠯᠡᠭ ᠪᠠᠷᠢᠭᠰᠠᠨ ᠪᠠᠶᠢᠨ᠎ᠠ᠃ | ᠲᠤᠰ ᠤᠳᠠᠭᠠᠨ ᠤ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠦ | ᠴᠤᠭᠴᠠᠯᠠᠬᠤ ᠲᠤᠰᠬᠠᠢ ᠲᠠᠯᠠᠪᠤᠷ ᠤᠨ ᠦᠳᠡᠰᠢᠯᠡᠭᠡ ᠶᠢ ᠡᠷᠬᠢᠯᠡᠭᠰᠡᠨ ᠨᠢ ᠲᠠᠷᠬᠠᠨ ᠮᠤᠤᠮᠢᠩᠭᠠᠨ ᠤ ᠡᠯ᠎ᠡ | ᠦᠨᠳᠦᠰᠦᠳᠡᠨ ᠤ ᠠᠷᠠᠳ ᠲᠦᠮᠡᠨ ᠤ ᠪᠦᠯᠬᠦᠮᠳᠡᠯ ᠢ ᠭᠦᠢᠴᠡᠳ ᠢᠯᠡᠷᠡᠭᠦᠯᠵᠦ᠂ ᠡᠬᠡ ᠤᠯᠤᠰ ᠤᠨ ᠤᠮᠠᠷᠠᠳᠦ ᠬᠢᠯᠢ | ᠪᠠᠨ ᠰᠠᠬᠢᠨ ᠬᠠᠮᠠᠭᠠᠯᠠᠵᠦ᠂ ᠰᠠᠶᠢᠨ ᠰᠠᠶᠢᠬᠠᠨ ᠠᠮᠠᠳᠦᠷᠠᠯ ᠢ ᠬᠠᠮᠳᠦ ᠪᠠᠷ ᠴᠤᠭᠴᠠᠯᠠᠮ ᠪᠠᠶᠢᠭᠤᠯᠬᠤ ᠢᠳᠡᠭᠡᠯ ᠵᠤᠷᠢᠭ | ᠢ ᠨᠢ ᠬᠦᠪᠴᠢᠯᠡᠭᠰᠡᠨ ᠪᠠᠶᠢᠨ᠎ᠠ᠃ | | | | | | | | | | | | | | | | | | | | | |