ᠴᠠᠬᠠᠷ ᠪᠠᠷᠠᠭᠤᠨ ᠭᠠᠷᠤᠨ ᠡᠮᠤᠨᠡᠳᠦ ᠬᠤᠰᠢᠭᠤᠨ ᠤ ᠤᠯᠠᠭᠠᠨᠮᠦᠴᠢᠷ ᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠠᠬᠢ ᠰᠤᠯᠢᠯᠴᠠᠭᠠᠨ ᠤ  ᠲᠤᠭᠯᠠᠯᠳᠠ ᠬᠦᠭᠵᠢᠶᠡᠨᠳᠠᠢ ᠶᠠᠪᠤᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2021/7/20
   ᠲᠤᠮᠳᠠᠳᠦ ᠤᠯᠤᠰ ᠤᠨ ᠡᠪ ᠬᠠᠮᠳᠦ ᠨᠡᠮ ᠤᠨ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠵᠦ᠂ ᠪᠦᠬᠦ ᠤᠷᠤᠨ   ᠤ ᠤᠯᠠᠭᠠᠨᠮᠦᠴᠢᠷ ᠤᠨ ᠰᠠᠷ᠎ᠠ ᠶᠢᠨ ᠰᠤᠯᠢᠯᠴᠠᠭᠠᠨ ᠤ ᠲᠤᠭᠯᠠᠯᠳᠠ ᠭᠠᠷᠭᠠᠬᠤ ᠠᠵᠢᠯᠯᠠᠭᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ7 ᠰᠠᠷ᠎ᠠ ᠶᠢᠨ16 ᠤ ᠡᠳᠦᠷ᠂ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠯᠠᠭᠠᠨᠮᠦᠴᠢᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠪᠠᠶ᠋ᠬᠠᠤᠪᠤᠭ᠎ᠠ ᠰᠤᠮᠤᠨ ᠳᠤ ᠬᠦᠷᠴᠦ ︽ᠨᠠᠮ ᠢᠶᠠᠨ ᠡᠭᠦᠷᠢᠳᠡ ᠲᠠᠭᠠᠨ᠎ᠠ︾ ᠭᠡᠬᠦ2021 ᠤᠨ ᠤ ᠪᠦᠬᠦ ᠤᠷᠤᠨ  ᠤ ᠤᠯᠠᠭᠠᠨᠮᠦᠴᠢᠷ ᠤᠨ ᠰᠠᠷ᠎ᠠ ᠶᠢᠨ ᠰᠤᠯᠢᠯᠴᠠᠭᠠᠨ   ᠤ ᠲᠤᠭᠯᠠᠯᠳᠠ ᠭᠠᠷᠭᠠᠭᠰᠠᠨ  ᠪᠠᠶᠢᠨ᠎ᠠ᠃      ᠲᠤᠭᠯᠠᠯᠳᠠ ᠨᠢ ᠲᠤᠭᠯᠠᠭᠴᠢᠳ ᠤᠨ ︽ᠵᠠᠭᠤᠨ ᠵᠢᠯ ᠤᠨ ᠲᠡᠮᠡᠥᠯᠡᠯ︾ ᠭᠡᠬᠦ ᠪᠦᠵᠢᠭ ᠢᠶᠠᠷ ᠬᠦᠰᠢᠭᠡ ᠪᠠᠨ ᠰᠡᠬᠦᠵᠦ᠂ ᠠᠷᠠᠳ ᠤᠨ ᠲᠠᠭᠤᠤ᠂ ᠬᠠᠮᠳᠦ ᠶᠢᠨ ᠪᠦᠵᠢᠭ᠂ ᠬᠦᠬᠡᠮᠡᠢ᠂ ᠤᠷᠳᠦ ᠶᠢᠨ ᠲᠠᠭᠤᠤ ᠵᠡᠷᠭᠡ ᠭᠤᠶᠢᠳᠠ ᠰᠠᠶᠢᠬᠠᠨ ᠲᠤᠭᠯᠠᠯᠳᠠ ᠨᠢ ᠮᠠᠯᠴᠢᠨ ᠲᠦᠮᠡᠨ ᠤ ᠬᠠᠷᠠᠭ᠎ᠠ ᠶᠢ ᠪᠠᠶᠠᠰᠬᠠᠨ᠂ ᠰᠤᠨᠤᠷ ᠢ ᠰᠡᠷᠬᠦᠭᠡᠵᠦ᠂ ᠲᠠᠯ᠎ᠠ ᠨᠤᠳᠤᠭ  ᠤᠨ ᠡᠯ᠎ᠡ ᠦᠨᠳᠦᠰᠦᠳᠡᠨ ᠤ ᠠᠷᠠᠳ  ᠲᠦᠮᠡᠨ ᠤ ᠪᠦᠯᠬᠦᠮᠳᠡᠯ ᠲᠡᠮᠡᠴᠡᠯ ᠢ ᠬᠠᠷᠠᠯᠠᠭᠤᠯᠤᠭᠰᠠᠨ ᠭᠤᠶᠤ ᠰᠠᠶᠢᠬᠠᠨ ᠲᠤᠭᠯᠠᠯᠳᠠ ᠪᠤᠯᠵᠦ ᠶᠠᠪᠤᠭᠳᠠᠵᠠᠢ᠃      ᠤᠶᠢᠯᠠᠭᠠᠭᠰᠠᠨ ᠢᠶᠠᠷ᠂ ᠲᠤᠰ ᠤᠳᠠᠭᠠᠨ ᠤ ᠰᠤᠯᠢᠯᠴᠠᠭᠠᠨ ᠤ ᠲᠤᠭᠯᠠᠯᠳᠠ ᠨᠢ  ᠠᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠦ᠂ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠯᠠᠭᠠᠨᠮᠦᠴᠢᠷ ᠨᠢ ᠰᠢᠶᠠᠩ ᠪᠠᠯᠭᠠᠰᠦ᠂ ᠨᠡᠶᠢᠭᠡᠮ ᠲᠤᠭᠤᠷᠢᠭ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ᠂ ᠴᠡᠷᠢᠭ ᠤᠨ ᠬᠤᠸᠠᠷᠠᠨ᠂ ᠠᠵᠦ ᠠᠬᠤᠶᠢᠯᠠᠯ ᠵᠡᠷᠭᠡ ᠭᠠᠵᠠᠷ ᠤᠳ ᠲᠤ ᠬᠦᠷᠴᠦ ᠤᠨᠴᠠᠯᠢᠭᠳᠦ ᠤᠷᠠᠯᠢᠭ ᠢᠶᠠᠨ ᠤᠯᠠᠨ ᠲᠦᠮᠡᠨ ᠳᠤ ᠲᠤᠭᠯᠠᠨ ᠦᠵᠡᠭᠦᠯᠬᠦ ᠪᠠᠷ ᠪᠤᠢ᠃ ᠡᠨᠡᠬᠦ ᠬᠤᠭᠤᠴᠠᠭᠠᠨ ᠳᠤ ᠬᠤᠶᠠᠷ ᠭᠠᠵᠠᠷ ᠤᠨ ᠤᠯᠠᠭᠠᠨᠮᠦᠴᠢᠷ ᠤᠨ ᠬᠡᠰᠢᠭᠦᠳ ᠬᠠᠷᠢᠯᠴᠠᠨ ᠰᠤᠯᠢᠯᠴᠠᠨ ᠰᠤᠷᠤᠯᠴᠠᠬᠤ ᠪᠠᠷ ᠲᠠᠮᠵᠢᠵᠦ ᠬᠤᠶᠠᠷ ᠭᠠᠵᠠᠷ ᠤᠨ ᠰᠤᠶᠤᠯ ᠤᠷᠠᠯᠢᠭ ᠤᠨ ᠭᠦᠨᠵᠡᠭᠡᠢ ᠰᠤᠯᠢᠯᠴᠠᠭ᠎ᠠ ᠶᠢ ᠠᠬᠢᠭᠤᠯᠬᠤ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号