ᠲᠠᠷᠬᠠᠨ  ᠮᠤᠤᠮᠢᠩᠭᠠᠨ ᠬᠤᠯᠪᠤᠭᠠᠳᠦ ᠬᠤᠰᠢᠭᠤᠨ ᠤ ᠬᠤᠳᠠ ᠶᠢᠨ ᠪᠦᠳᠦᠭᠡᠨ ᠪᠠᠶᠢᠭᠤᠯᠬᠤ ᠠᠵᠢᠯᠯᠠᠭ᠎ᠠ ᠤᠷᠤᠭᠰᠢᠳᠠᠢ ᠶᠠᠪᠤᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2021/7/21
     ᠤᠶᠢᠷ᠎ᠠ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠬᠦᠳᠡᠯᠬᠡᠬᠡᠨ ᠶᠠᠭ ᠡᠮᠬᠢ ᠲᠢᠭᠯᠢᠮ ᠲᠠᠢ ᠲᠠᠢ ᠶᠠᠪᠤᠭᠳᠠᠵᠦ  ᠪᠠᠶᠢᠭ᠎ᠠ ᠶᠤᠮ᠃2017 ᠤᠨ ᠤ6 ᠰᠠᠷ᠎ᠠ  ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠠᠴᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠶᠢ ᠲᠦᠷᠪᠡᠳᠦᠭᠡᠷ ᠬᠤᠭᠤᠴᠠᠭᠠᠨ ᠤ ︽ᠦᠪᠡᠷᠳᠡᠭᠡᠨ ᠵᠠᠰᠠᠬᠤ ᠤᠷᠤᠨ ᠤ ᠪᠤᠯᠪᠠᠰᠤᠨ ᠬᠤᠳᠠ︾ ᠪᠠᠷ ᠨᠡᠷᠡᠶᠢᠳᠴᠦ᠂ ᠦᠨᠦ ᠵᠢᠯ ᠪᠤᠯ ᠲᠤᠯᠤᠳᠤᠭᠠᠷ ᠬᠤᠭᠤᠴᠠᠭᠠᠨ ︵2021 —2023︶ ᠤ ᠪᠦᠬᠦ ᠤᠯᠤᠰ ᠤᠨ ᠪᠤᠯᠪᠠᠰᠤᠨ ᠬᠤᠳᠠ ᠶᠢ ᠴᠡᠭᠴᠡᠯᠡᠨ ᠪᠠᠶᠢᠭᠤᠯᠬᠤ ᠨᠢᠭᠡᠳᠦᠭᠡᠷ ᠵᠢᠯ ᠪᠤᠯᠤᠨ᠎ᠠ᠃      7 ᠰᠠᠷ᠎ᠠ ᠶᠢᠨ13 ᠤ ᠡᠳᠦᠷ ᠪᠠᠶ᠋ᠬᠠᠤᠪᠤᠭ᠎ᠠ ᠰᠤᠮᠤᠨ ᠤ ᠨᠠᠮ ᠤᠨ ᠬᠡᠰᠢᠭᠦᠨ ᠺᠠᠳᠠᠷᠴᠤᠳ ᠮᠠᠯᠴᠢᠨ ᠡᠷᠦᠬᠡ  ᠳᠤ ᠭᠦᠨᠵᠡᠭᠡᠶᠢᠷᠡᠨ ᠤᠯᠠᠨ ᠲᠦᠮᠡᠨ ᠳᠤ ᠪᠤᠯᠪᠠᠰᠤᠨ ᠵᠠᠩ ᠰᠤᠷᠳᠠᠯ ᠢ ᠡᠷᠬᠢᠯᠯᠡᠬᠦ ᠶᠢ ᠰᠤᠷᠳᠠᠯᠴᠢᠯᠠᠨ᠂ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠤᠬᠠᠭᠤᠯᠬᠤ ᠮᠠᠲ᠋ᠧᠷᠢᠶᠠᠯ ᠲᠠᠷᠬᠠᠭᠠᠵᠦ᠂ ᠬᠤᠳᠠ ᠶᠢ ᠴᠡᠭᠴᠡᠯᠡᠨ ᠪᠠᠶᠢᠭᠤᠯᠬᠤ  ᠶᠢᠨ  ᠴᠢᠬᠤᠯᠠ ᠴᠢᠨᠠᠷ ᠢ ᠲᠠᠶᠢᠯᠪᠤᠷᠢᠯᠠᠪᠠ᠃      ᠪᠦᠬᠦ ᠤᠯᠤᠰ ᠤᠨ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠦᠷ᠎ᠡ ᠪᠦᠳᠦᠮᠵᠢ ᠶᠢ ᠪᠠᠬᠢᠵᠢᠭᠦᠯᠵᠦ᠂ ᠪᠦᠬᠦ  ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠪᠠᠶᠢᠩᠭᠤ ᠦᠢᠯᠡᠴᠢᠯᠡᠭᠡ ᠪᠠ ᠬᠠᠷᠠᠯᠳᠠ ᠬᠠᠮᠢᠶᠠᠷᠤᠯᠳᠠ   ᠪᠠᠨ  ᠴᠢᠩᠭᠠᠳᠬᠠᠵᠦ᠂ ᠬᠢᠨᠠᠨ ᠬᠠᠮᠢᠶᠠᠷᠤᠯᠳᠠ ᠳᠤ ᠢᠯᠡᠷᠡᠭᠰᠡᠨ ᠠᠰᠠᠭᠤᠳᠠᠯ ᠢ ᠨᠢᠮᠪᠠᠢ ᠰᠢᠢᠳᠪᠦᠷᠢᠯᠡᠵᠦ᠂ ᠡᠯ᠎ᠡ ᠬᠠᠮᠢᠶ᠎ᠠ ᠪᠦᠬᠦᠢ ᠬᠠᠷᠢᠭᠤᠴᠠᠯᠭᠠᠳᠦ ᠪᠠᠶᠢᠭᠤᠯᠤᠯᠭ᠎ᠠ ᠨᠢᠭᠡᠴᠢ ᠬᠠᠮᠳᠤᠷᠠᠨ ᠴᠢᠷᠮᠠᠶᠢᠭᠰᠠᠨ ᠠᠴᠠ ᠪᠤᠯᠪᠠᠰᠤᠨ  ᠬᠤᠳᠠ ᠶᠢ  ᠪᠦᠳᠦᠭᠡᠨ ᠪᠠᠶᠢᠭᠤᠯᠬᠤ ᠠᠵᠢᠯ ᠮᠠᠰᠢ ᠤᠷᠤᠭᠰᠢᠳᠠᠢ ᠶᠠᠪᠤᠭᠳᠠᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号