ᠱᠢ ᠵᠥᠩ ᠴᠢᠨ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/21
     ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠴᠠᠩ ᠱᠢ ᠵᠥᠩ ᠴᠢᠨ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠳᠡᠳ᠋ ᠬᠤᠰᠢᠭᠤᠨ ᠳᠠᠷᠤᠭ᠎ᠠ ᠶᠢᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠵᠢᠴᠢ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠲᠥᠪ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠶ᠋ᠯᠡᠴᠢᠯᠡᠨ ᠠᠭᠤᠰᠤᠯᠴᠠᠵᠤ᠂ ᠪᠦᠯᠬᠦᠮᠳᠡᠨ ᠨᠢᠭᠡᠳᠴᠦ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠪᠠ᠃ ᠭᠡᠪᠡᠴᠦ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠬᠠᠷᠢᠴᠠᠭᠤᠯᠬᠤ ᠳᠤ ᠮᠥᠨᠬᠦ ᠵᠥᠷᠢ᠊ ᠡᠶ᠎ᠡ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠪᠠᠴᠢᠮ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃
      ᠬᠤᠷᠠᠯ ᠠᠴᠠ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠳᠤᠬᠢᠷᠠᠭᠤᠯᠤᠯᠳᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠪᠠᠷᠢᠯᠭ᠎ᠠ ᠳᠠᠭᠤᠰᠬᠤ᠂ ᠪᠡᠯᠡ ᠣᠷᠣᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠭᠠᠨ ᠬᠢᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠬᠦ ᠬᠡᠷᠡᠭᠲᠡᠢ᠃ ᠪᠦᠬᠦ ᠠᠵᠢᠯᠲᠠᠳ ᠢᠶᠠᠷ ᠢᠶᠠᠨ ᠬᠥᠳᠡᠯᠦᠯᠴᠡᠨ ᠠᠷᠠᠯᠵᠢᠶᠠᠴᠢᠨ ᠤᠷᠢᠬᠤ ᠶᠢ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠬᠤ ᠠᠷᠭ᠎ᠠ ᠵᠠᠮ ᠢ ᠥᠷᠭᠡᠳᠬᠡᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠬᠡᠷᠡᠭᠵᠢᠭᠦᠯᠵᠦ᠂ ᠠᠷᠠᠯᠵᠢᠶᠠᠴᠢᠨ ᠤᠷᠢᠬᠤ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ ᠠᠷᠠᠯᠵᠢᠶᠠᠴᠢᠨ ᠤᠷᠢᠬᠤ ᠠᠷᠭ᠎ᠠ ᠵᠠᠮ ᠢ ᠥᠷᠭᠡᠳᠬᠡᠵᠦ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ᠂ ᠵᠥᠪᠳᠡᠯᠴᠡᠵᠦ ᠪᠠᠶᠢᠭᠠᠳ ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠢ ᠨᠠᠷᠢᠯᠢᠭ ᠪᠠᠭᠠᠰᠬᠠᠬᠤ ︽ᠬᠤᠶᠠᠷ ᠢ ᠡᠵᠡᠮᠳᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠶᠡᠭᠡ ᠲᠠᠯ᠎ᠠ ᠶᠢ ᠦᠨᠡᠨᠬᠦ ᠬᠠᠮᠠᠭᠠᠯᠠᠬᠤ ᠬᠡᠷᠡᠭᠲᠡᠢ
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号