ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/21

     7 ᠰᠠᠷ᠎ᠠ ᠶᠢᠨ 16 ᠤ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠢᠶᠠ ᠪᠦᠦ ᠯᠢᠶᠠᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠠᠴᠠ 7 ᠰᠠᠷ᠎ᠠ ᠶᠢᠨ 15 ᠤ ᠡᠳᠦᠷ ᠤᠨ ᠬᠤᠲᠠ ᠶᠢᠨ ᠨᠠᠮ ᠤᠨ ᠬᠤᠷᠢᠶᠠᠨ ᠤ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠠᠶ᠃       ᠬᠤᠷᠠᠯ ᠠᠴᠠ᠂ ᠰᠢ ᠶᠢᠨ ᠫᠢᠩ ᠤ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷᠭᠦᠯᠵᠢᠯᠡᠨ ᠭᠦᠨᠵᠡᠭᠡᠶᠢᠷᠡᠬᠦ ᠶᠢ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠢ ᠲᠥᠯᠥᠪᠵᠢᠭᠦᠯᠭᠡ ᠶᠢ ᠪᠣᠳᠠᠲᠠᠢ ᠠᠳᠬᠤᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠬᠤᠪᠢᠰᠬᠠᠯ ᠤᠨ ᠰᠣᠶᠣᠯ ᠢ ᠰᠠᠶᠢᠲᠤᠷ ᠬᠡᠷᠡᠭᠯᠡᠵᠦ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠯᠡᠳᠡᠭᠡᠯ ᠲᠦᠷᠦᠯ ᠵᠦᠢᠯ ᠤᠨ ᠬᠡᠯᠪᠡᠷᠢ ᠶᠢ ᠬᠤᠪᠢᠷᠠᠭᠤᠯᠬᠤ ᠶᠢ ᠠᠳᠬᠤᠬᠤ᠂ ᠭᠡᠷ᠎ᠡ ᠲᠣᠭᠲᠠᠭᠰᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠳᠬᠤᠬᠤ᠂ ᠨᠠᠶᠢᠳᠠᠪᠤᠷᠢᠵᠢᠭᠤᠯᠬᠤ ᠲᠦᠷᠦᠯ ᠵᠦᠢᠯ ᠢ ᠠᠵᠢᠯ ᠡᠬᠢᠯᠡᠭᠦᠯᠬᠦ ᠶᠢ ᠠᠳᠬᠤᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠤ ᠨᠡᠶᠢᠭᠡᠮ ᠤᠨ ᠣᠷᠣᠯᠴᠠᠯᠭ᠎ᠠ ᠶᠢ ᠳᠡᠭᠡᠭᠰᠢᠯᠡᠭᠦᠯᠦᠨ ᠰᠢᠯᠢᠳᠡᠭᠵᠢᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠬᠤ ᠶᠢ ᠠᠬᠢᠭᠤᠯᠬᠤ ᠬᠡᠷᠡᠭᠲᠡᠶ᠃      ᠬᠤᠷᠠᠯ ᠠᠴᠠ᠂ ᠬᠤᠳᠠ ᠶᠢ ᠡᠭᠦᠳᠴᠦ ᠡᠷᠡᠭᠦᠯ ᠬᠠᠮᠠᠭᠠᠯᠠᠯ ᠢ ᠡᠭᠦᠳᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ᠂ ᠵᠠᠮ ᠢ ᠠᠷᠠᠴᠢᠯᠠᠨ ᠬᠠᠮᠠᠭᠠᠯᠠᠬᠤ᠂ ᠨᠣᠭᠤᠭᠠᠷᠠᠭᠤᠯᠵᠤ ᠭᠤᠶᠤᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠥᠨᠳᠥᠷ ᠲᠦᠪᠰᠢᠨ ᠢᠶᠠᠷ ᠰᠠᠶᠢᠲᠤᠷ ᠬᠢᠵᠦ᠂ ᠬᠤᠳᠠ ᠪᠠᠯᠭᠠᠰᠤ ᠶᠢ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠵᠤᠨ ᠤ ᠤᠯᠠᠷᠢᠯ ᠤᠨ ᠵᠤᠭᠠᠴᠠᠯ ᠤᠨ ᠨᠠᠭᠠᠳᠤᠮ ᠤᠨ ᠶᠡᠭᠡ ᠬᠤᠷᠠᠯ ᠢ ᠥᠨᠳᠥᠷ ᠲᠦᠪᠰᠢᠨ ᠲᠠᠢ ᠴᠢᠨᠠᠷ ᠰᠠᠶᠢᠲᠠᠢ ᠰᠠᠶᠢᠲᠤᠷ ᠡᠷᠬᠢᠯᠡᠵᠦ᠂ ᠲᠤᠰᠬᠠᠢ ᠠᠩᠭᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠶᠡᠭᠡ ᠬᠤᠷᠠᠯ ᠤᠨ ᠬᠤᠭᠤᠴᠠᠭᠠᠨ ᠳᠠᠬᠢ ᠠᠯᠪᠠᠨ ᠶᠠᠪᠤᠳᠠᠯ ᠤᠨ ᠵᠣᠴᠢᠯᠠᠯᠭ᠎ᠠ᠂ ᠴᠠᠬᠢᠯᠭᠠᠨ ᠬᠦᠴᠦᠨ ᠤ ᠪᠠᠲᠤᠯᠠᠭ᠎ᠠ᠂ ᠵᠠᠮ ᠤᠨ ᠢᠯᠡᠳᠬᠡᠮᠵᠢ ᠲᠡᠮᠳᠡᠭ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠪᠣᠯᠤᠨ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠶᠡᠭᠡ ᠬᠤᠷᠠᠯ ᠤᠨ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠳᠤ ᠦᠨᠡᠨᠬᠦ ᠨᠢᠭᠡᠳᠬᠡᠵᠦ᠂ ᠵᠣᠷᠢᠭᠲᠠᠶ ᠪᠠᠷ ᠲᠦᠷᠦᠭᠦᠯᠡᠬᠦ ᠵᠣᠷᠢᠭ ᠰᠠᠨᠠᠭ᠎ᠠ ᠶᠢ ᠭᠦᠶ᠋ᠴᠡᠳ ᠪᠠᠳᠠᠷᠠᠭᠤᠯᠤᠨ᠂ ᠢᠳᠡᠪᠬᠢᠲᠡᠶ ᠪᠠᠷ ᠠᠵᠢᠯᠯᠠᠵᠤ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃       ᠬᠤᠷᠠᠯ ᠠᠴᠠ ᠪᠠᠰᠠ ᠡᠯ᠎ᠡ ᠱᠠᠲᠤᠨ ᠤ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠠᠵᠤ ᠠᠬᠤᠢ ᠶᠢᠨ ᠠᠵᠢᠯᠯᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠬᠤᠭᠤᠴᠠᠭ᠎ᠠ ᠰᠣᠯᠢᠬᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠪᠡᠯᠡᠳᠬᠡᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号