| 7 ᠰᠠᠷ᠎ᠠ ᠶᠢᠨ 16 ᠤ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ | ᠬᠤᠷᠢᠶ᠎ᠠ ᠶᠢᠨ ᠪᠥᠬᠦ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠢᠶᠠ ᠪᠦᠦ ᠯᠢᠶᠠᠩ | ᠬᠤᠷᠠᠯ ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ 7 ᠰᠠᠷ᠎ᠠ ᠶᠢᠨ 15 ᠤ ᠡᠳᠦᠷ ᠤᠨ ᠬᠤᠲᠠ ᠶᠢᠨ ᠨᠠᠮ ᠤᠨ ᠬᠤᠷᠢᠶᠠᠨ ᠤ ᠪᠥᠬᠦᠳᠡ ︵ | ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠠᠶ᠃ | ᠬᠤᠷᠠᠯ ᠠᠴᠠ᠂ ᠰᠢ ᠶᠢᠨ ᠫᠢᠩ ᠤ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠦᠷᠭᠦᠯᠵᠢᠯᠡᠨ ᠭᠦᠨᠵᠡᠭᠡᠶᠢᠷᠡᠬᠦ ᠶᠢ ᠠᠬᠢᠭᠤᠯᠵᠤ᠂ ︽ᠪᠢ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠢ ᠲᠥᠯᠥᠪᠵᠢᠭᠦᠯᠭᠡ ᠶᠢ ᠪᠣᠳᠠᠲᠠᠢ ᠠᠳᠬᠤᠵᠤ᠂ ᠤᠨᠤᠯ ᠢᠶᠠᠷ | ᠵᠡᠪᠰᠡᠭᠯᠡᠬᠦ ᠶᠢ ᠴᠢᠩᠭᠠᠳᠬᠠᠵᠤ᠂ ᠬᠤᠪᠢᠰᠬᠠᠯ ᠤᠨ ᠰᠣᠶᠣᠯ ᠢ ᠰᠠᠶᠢᠲᠤᠷ ᠬᠡᠷᠡᠭᠯᠡᠵᠦ᠂ ᠠᠷᠠᠳ ᠤᠨ ᠠᠮᠢᠳᠤᠷᠠᠯ ᠤᠨ | ᠪᠣᠳᠠᠲᠠᠢ ᠶᠠᠪᠤᠳᠠᠯ ᠢ ᠰᠠᠶᠢᠲᠤᠷ ᠬᠢᠵᠦ᠂ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠦᠯᠡᠳᠡᠭᠡᠯ ᠲᠦᠷᠦᠯ ᠵᠦᠢᠯ ᠤᠨ ᠬᠡᠯᠪᠡᠷᠢ ᠶᠢ ᠬᠤᠪᠢᠷᠠᠭᠤᠯᠬᠤ ᠶᠢ ᠠᠳᠬᠤᠬᠤ᠂ ᠭᠡᠷ᠎ᠡ ᠲᠣᠭᠲᠠᠭᠰᠠᠨ | ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠳᠬᠤᠬᠤ᠂ ᠨᠠᠶᠢᠳᠠᠪᠤᠷᠢᠵᠢᠭᠤᠯᠬᠤ ᠲᠦᠷᠦᠯ ᠵᠦᠢᠯ ᠢ ᠠᠵᠢᠯ | ᠡᠬᠢᠯᠡᠭᠦᠯᠬᠦ ᠶᠢ ᠠᠳᠬᠤᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ | ᠰᠢᠪᠲᠤᠯᠤᠯᠲᠠ ᠲᠠᠢ ᠪᠣᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠥᠳᠬᠡᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠤ ᠨᠡᠶᠢᠭᠡᠮ ᠤᠨ ᠣᠷᠣᠯᠴᠠᠯᠭ᠎ᠠ ᠶᠢ ᠳᠡᠭᠡᠭᠰᠢᠯᠡᠭᠦᠯᠦᠨ | ᠰᠢᠯᠢᠳᠡᠭᠵᠢᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠲᠦᠷᠭᠡᠳᠬᠡᠨ | ᠠᠬᠢᠭᠤᠯᠬᠤ ᠶᠢ ᠠᠬᠢᠭᠤᠯᠬᠤ ᠬᠡᠷᠡᠭᠲᠡᠶ᠃ | ᠬᠤᠷᠠᠯ ᠠᠴᠠ᠂ ᠬᠤᠳᠠ ᠶᠢ ᠡᠭᠦᠳᠴᠦ ᠡᠷᠡᠭᠦᠯ ᠬᠠᠮᠠᠭᠠᠯᠠᠯ ᠢ ᠡᠭᠦᠳᠬᠦ ᠠᠵᠢᠯ ᠤᠨ ᠴᠢᠬᠤᠯᠠ ᠴᠢᠨᠠᠷ ᠢ | ᠭᠦᠢᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠵᠠᠩᠭᠢᠯᠠᠭ᠎ᠠ ᠶᠢᠨ | ᠭᠤᠭᠴᠤᠭ᠎ᠠ ᠶᠢ ᠠᠳᠬᠤᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ᠂ ᠵᠠᠮ ᠢ ᠠᠷᠠᠴᠢᠯᠠᠨ | ᠬᠠᠮᠠᠭᠠᠯᠠᠬᠤ᠂ ᠨᠣᠭᠤᠭᠠᠷᠠᠭᠤᠯᠵᠤ ᠭᠤᠶᠤᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠥᠨᠳᠥᠷ ᠲᠦᠪᠰᠢᠨ ᠢᠶᠠᠷ | ᠰᠠᠶᠢᠲᠤᠷ ᠬᠢᠵᠦ᠂ ᠬᠤᠳᠠ ᠪᠠᠯᠭᠠᠰᠤ ᠶᠢ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠵᠤᠨ ᠤ ᠤᠯᠠᠷᠢᠯ ᠤᠨ ᠵᠤᠭᠠᠴᠠᠯ ᠤᠨ ᠨᠠᠭᠠᠳᠤᠮ ᠤᠨ ᠶᠡᠭᠡ | ᠬᠤᠷᠠᠯ ᠢ ᠥᠨᠳᠥᠷ ᠲᠦᠪᠰᠢᠨ ᠲᠠᠢ ᠴᠢᠨᠠᠷ ᠰᠠᠶᠢᠲᠠᠢ ᠰᠠᠶᠢᠲᠤᠷ ᠡᠷᠬᠢᠯᠡᠵᠦ᠂ ᠲᠤᠰᠬᠠᠢ ᠠᠩᠭᠢ ᠪᠠᠷ | ᠠᠵᠢᠯᠯᠠᠭᠤᠯᠬᠤ ᠶᠢ ᠪᠠᠷᠢᠮᠲᠠᠯᠠᠵᠤ᠂ ᠶᠡᠭᠡ ᠬᠤᠷᠠᠯ ᠤᠨ ᠬᠤᠭᠤᠴᠠᠭᠠᠨ ᠳᠠᠬᠢ ᠠᠯᠪᠠᠨ ᠶᠠᠪᠤᠳᠠᠯ ᠤᠨ ᠵᠣᠴᠢᠯᠠᠯᠭ᠎ᠠ᠂ | ᠴᠠᠬᠢᠯᠭᠠᠨ ᠬᠦᠴᠦᠨ ᠤ ᠪᠠᠲᠤᠯᠠᠭ᠎ᠠ᠂ ᠵᠠᠮ ᠤᠨ ᠢᠯᠡᠳᠬᠡᠮᠵᠢ ᠲᠡᠮᠳᠡᠭ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠪᠣᠯᠤᠨ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ | ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠶᠡᠭᠡ ᠬᠤᠷᠠᠯ ᠤᠨ ᠲᠡᠭᠦᠰ ᠠᠮᠵᠢᠯᠲᠠ ᠲᠠᠢ | ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠬᠤᠲᠠ ᠶᠢᠨ ᠨᠠᠮ ᠤᠨ ᠬᠤᠷᠢᠶ᠎ᠠ ᠶᠢᠨ ᠪᠥᠬᠦ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ ᠶᠢᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠳᠤ ᠦᠨᠡᠨᠬᠦ ᠨᠢᠭᠡᠳᠬᠡᠵᠦ᠂ ᠵᠣᠷᠢᠭᠲᠠᠶ ᠪᠠᠷ ᠲᠦᠷᠦᠭᠦᠯᠡᠬᠦ ᠵᠣᠷᠢᠭ ᠰᠠᠨᠠᠭ᠎ᠠ ᠶᠢ | ᠭᠦᠶ᠋ᠴᠡᠳ ᠪᠠᠳᠠᠷᠠᠭᠤᠯᠤᠨ᠂ ᠢᠳᠡᠪᠬᠢᠲᠡᠶ ᠪᠠᠷ ᠠᠵᠢᠯᠯᠠᠵᠤ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠶ᠃ | ᠬᠤᠷᠠᠯ ᠠᠴᠠ ᠪᠠᠰᠠ ᠡᠯ᠎ᠡ ᠱᠠᠲᠤᠨ ᠤ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠠᠵᠤ | ᠠᠬᠤᠢ ᠶᠢᠨ ᠠᠵᠢᠯᠯᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ | ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠬᠤᠭᠤᠴᠠᠭ᠎ᠠ ᠰᠣᠯᠢᠬᠤ᠂ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠢ ᠪᠡᠯᠡᠳᠬᠡᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠠᠵᠢᠯ ᠢ | ᠲᠤᠬᠢᠷᠠᠭᠤᠯᠤᠨ ᠪᠠᠶᠢᠷᠢᠯᠠᠭᠤᠯᠵᠠᠢ᠃ |