7 ᠰᠠᠷ᠎ᠠ ᠶᠢᠨ 19 ᠤ ᠡᠳᠦᠷ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠤᠨ ︽ᠵᠠᠯᠠᠭᠤ ᠨᠠᠰᠤ ᠪᠠᠨ ᠨᠠᠮ ᠳᠠᠭᠠᠨ ᠬᠠᠨᠳᠤᠭᠤᠯᠬᠤ︾ ᠭᠤᠤᠯ ᠰᠡᠳᠦᠪᠲᠦ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠪᠯᠡᠯ ᠤᠨ ᠬᠤᠰᠢᠭᠤᠨ ᠤ ᠨᠠᠮ ᠤᠨ ᠬᠤᠷᠢᠶᠠᠨ ᠤ | ᠪᠠᠶᠢᠭᠤᠯᠤᠯᠭ᠎ᠠ ᠶᠢᠨ ᠪᠥᠬᠦ ᠠᠵᠢᠯᠲᠠᠨ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ᠂ | ᠨᠤᠲᠤᠭ ᠲᠠᠭᠠᠨ ᠪᠤᠴᠠᠭᠰᠠᠨ ᠥᠷᠭᠡᠨ ᠣᠯᠠᠨ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠨᠡᠶᠢᠲᠡ 76 ᠭᠠᠷᠤᠶ | ᠬᠥᠮᠦᠨ ᠲᠣᠰ ᠠᠵᠢᠯᠯᠠᠭ᠎ᠠ ᠳᠤ ᠣᠷᠣᠯᠴᠠᠵᠠᠶ᠃ | | ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠬᠦᠰᠢᠶ᠎ᠡ ᠶᠢᠨ ᠡᠮᠦᠨ᠎ᠡ᠂ ᠪᠦᠬᠦ | ᠨᠠᠮ ᠤᠨ ᠭᠡᠰᠢᠭᠦᠳ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ | ᠰᠠᠨᠠᠭᠠᠯᠵᠠᠵᠤ᠂ ᠪᠦᠬᠦ ᠡᠪᠯᠡᠯ ᠤᠨ ᠭᠡᠰᠢᠭᠦᠳ ᠡᠪᠯᠡᠯ ᠤᠨ ᠲᠤᠭ ᠤᠨ ᠡᠮᠦᠨ᠎ᠡ ᠡᠪᠯᠡᠯ ᠳᠤ ᠣᠷᠣᠬᠤ ᠲᠠᠩᠭᠠᠷᠢᠭ ᠤᠨ | ᠦᠭᠡᠰ ᠢᠶᠠᠨ ᠲᠠᠬᠢᠨ ᠰᠠᠨᠠᠭᠠᠯᠵᠠᠪᠠ᠃ ᠠᠵᠢᠯᠯᠠᠭ᠎ᠠ ᠶᠢᠨ ᠳᠤᠮᠳᠠ᠂ ᠪᠦᠬᠦ ᠬᠥᠮᠦᠰ ᠪᠠᠲᠤᠬᠠᠭᠠᠯᠭ᠎ᠠ ᠶᠢᠨ ᠶᠠᠫᠣᠨ ᠢ | ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠪᠡ᠃ | ᠲᠠᠶᠢᠯᠪᠤᠷᠢᠯᠠᠭᠴᠢ ᠶᠢᠨ ᠲᠠᠨᠢᠯᠴᠠᠭᠤᠯᠭ᠎ᠠ ᠪᠠᠷ᠂ ᠣᠯᠠᠨ ᠢᠶᠠᠷ ᠢᠶᠠᠨ ᠨᠠᠮ ᠤᠨ ᠭᠡᠷᠡᠯ ᠰᠠᠴᠤᠷᠠᠩᠭᠤᠶ | ᠥᠩᠭᠡᠷᠡᠯᠲᠡ ᠪᠠ ᠬᠦᠴᠢᠷ ᠪᠡᠷᠬᠡᠰᠢᠶᠡᠯ ᠢ ᠣᠶᠢᠯᠠᠭᠠᠬᠤ ᠳᠤ ᠬᠢᠯᠪᠠᠷ ᠪᠤᠰᠤ ᠶᠤᠮ᠂ ᠵᠠᠯᠠᠭᠤᠴᠤᠳ ᠤᠨ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠬᠤᠪᠢᠰᠬᠠᠯ ᠤᠨ ᠲᠡᠦᠬᠡ ᠶᠢᠨ ᠲᠤᠬᠠᠶ ᠣᠶᠢᠯᠠᠭᠠᠯᠲᠠ ᠶᠢ | ᠭᠦᠨᠵᠡᠭᠡᠶᠢᠷᠡᠭᠦᠯᠵᠦ᠂ ᠥᠷᠭᠡᠨ ᠤᠯᠠᠨ ᠵᠠᠯᠠᠭᠤᠴᠤᠳ ᠢ ᠵᠣᠷᠢᠭᠵᠢᠭᠤᠯᠤᠨ ᠬᠤᠶᠢᠰᠢᠳᠠ ᠶᠢᠨ ᠠᠵᠢᠯ | ᠰᠤᠷᠤᠯᠭ᠎ᠠ ᠳᠠᠭᠠᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠴᠢᠷᠮᠠᠶᠢᠨ ᠰᠤᠷᠤᠯᠴᠠᠵᠤ᠂ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠴᠠᠭ | ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ | ᠡᠷᠡᠯᠬᠡᠭᠯᠡᠨ ᠤᠷᠤᠭᠰᠢᠯᠠᠭᠴᠢ᠂ ᠵᠠᠮ ᠨᠡᠭᠡᠭᠡᠭᠴᠢ᠂ ᠬᠤᠪᠢ ᠨᠡᠮᠡᠷᠢ ᠦᠵᠡᠭᠦᠯᠦᠭᠴᠢ ᠪᠣᠯᠬᠤ ᠪᠠᠷ ᠴᠢᠷᠮᠠᠶᠢᠵᠤ᠂ ᠵᠠᠯᠠᠭᠤ | ᠨᠠᠰᠤᠨ ᠤ ᠨᠠᠮ ᠤᠨ ᠲᠥᠯᠥᠭᠡ᠂ ᠠᠷᠠᠳ ᠲᠦᠮᠡᠨ ᠤ ᠲᠥᠯᠥᠭᠡ᠂ ᠨᠤᠲᠤᠭ ᠤᠰᠤᠨ ᠤ ᠪᠠᠨ ᠲᠥᠯᠥᠭᠡ ᠬᠤᠪᠢ | ᠨᠡᠮᠡᠷᠢ ᠦᠵᠡᠭᠦᠯᠬᠦ ᠶᠠᠪᠤᠴᠠ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ | ᠨᠠᠮ ᠤᠨ ᠲᠥᠯᠥᠭᠡ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠳᠡᠭ ᠢ | ᠲᠠᠶᠢᠯᠪᠤᠷᠢᠯᠠᠬᠤ ᠬᠡᠷᠡᠭᠲᠡᠢ᠃ |