ᠠᠷᠠᠳ ᠣᠯᠠᠨ ᠳᠤ ᠨᠡᠩ ᠰᠠᠶᠢᠨ ᠦᠢᠯᠡᠴᠢᠯᠡᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠣᠶᠢᠯᠠᠭᠠᠬᠤ ᠶᠢᠨ ᠲᠥᠯᠥᠭᠡ᠂ ᠮᠠᠨ ᠤ ᠪᠠᠯᠭᠠᠰᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠠᠵᠢᠯ ᠤᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ | ᠠᠵᠢᠯ ᠤᠨ ᠬᠥᠳᠡᠯᠭᠡᠬᠦ ᠬᠦᠴᠦᠨ ᠪᠣᠯᠤᠨ ︽ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠣᠳᠠᠲᠤ | ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠤᠢᠢᠷ᠎ᠠ ᠶᠢᠨ ᠡᠳᠦᠷ᠂ ᠮᠠᠨ ᠤ ᠪᠠᠯᠭᠠᠰᠤᠨ ᠤ ᠬᠢᠨ ᠨᠠᠮ ᠤᠨ ᠭᠡᠰᠢᠭᠦᠨ | ᠺᠠᠳ᠋ᠷ ᠵᠢᠴᠢ ᠮᠠᠯᠴᠢᠨ ᠲᠦᠮᠡᠨ ᠢ ᠵᠣᠬᠢᠶᠠᠨ ᠪᠠᠶᠢᠭᠤᠯᠵᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ | ᠦᠨᠡᠨᠴᠢ ᠢᠲᠡᠭᠡᠮᠵᠢ ᠶᠢᠨ ᠬᠥᠮᠦᠵᠢᠯ ᠤᠨ ᠰᠠᠭᠤᠷᠢᠨ ᠳᠤ ᠣᠴᠢᠵᠤ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ | ᠬᠢᠵᠦ ᠥᠭᠬᠦ︾ ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢᠨ ᠦᠢᠯᠡᠴᠢᠯᠡᠭᠡ ᠶᠢ ᠮᠣᠩᠭᠤᠯ ᠭᠡᠷ ᠲᠤ ᠬᠦᠷᠭᠡᠬᠦ | ᠠᠵᠢᠯᠯᠠᠭ᠎ᠠ ᠶᠢ ᠥᠷᠨᠢᠭᠦᠯᠵᠡᠢ᠃ | ᠶᠠᠷᠢᠯᠴᠠᠬᠤ ᠬᠤᠷᠠᠯ ᠳᠡᠭᠡᠷ᠎ᠡ᠂ ᠡᠩ ᠲᠡᠷᠢᠭᠦᠨ ᠳᠤ ᠮᠠᠯᠴᠢᠨ ᠲᠦᠮᠡᠨ ᠤ ᠮᠠᠨ ᠤ ᠪᠠᠯᠭᠠᠰᠤᠨ ᠤ ᠬᠠᠤᠯᠢ | ᠬᠡᠷᠡᠭᠵᠢᠭᠦᠯᠬᠦ᠂ ᠬᠠᠤᠯᠢ ᠴᠠᠭᠠᠵᠠ ᠶᠢᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ᠂ ᠮᠠᠯᠴᠢᠨ | ᠲᠦᠮᠡᠨ ᠤ ᠳᠤᠷᠠᠳᠤᠭᠰᠠᠨ ᠨᠤᠲᠤᠭ ᠪᠡᠯᠴᠢᠭᠡᠷ ᠢ ᠬᠤᠪᠢᠶᠠᠷᠢᠯᠠᠬᠤ ᠪᠠ ᠲᠣᠳᠣᠷᠬᠠᠶ ᠢᠯᠭᠠᠬᠤ ᠦᠭᠡᠶ ᠠᠴᠠ | ᠪᠣᠯᠤᠭᠰᠠᠨ ᠵᠢᠭᠤᠷᠠᠯᠳᠤᠭᠠᠨ᠂ ᠬᠤᠪᠢ ᠬᠥᠮᠦᠨ ᠤ ᠬᠤᠭᠤᠷᠣᠨᠳᠣᠬᠢ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ | ᠵᠢᠭᠤᠷᠠᠯᠳᠤᠭᠠᠨ᠂ ᠬᠠᠷᠰᠢ ᠰᠠᠭᠠᠳ ᠢ ᠠᠷᠢᠯᠭᠠᠬᠤ ᠵᠢᠭᠤᠷᠠᠯᠳᠤᠭᠠᠨ ᠵᠡᠷᠭᠡ ᠮᠠᠯᠴᠢᠳ ᠲᠠᠢ ᠨᠢᠭᠲᠠ ᠬᠤᠯᠪᠣᠭ᠎ᠠ ᠲᠠᠢ | ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ ᠲᠠᠶᠢᠯᠪᠤᠷᠢᠯᠠᠯᠲᠠ ᠬᠢᠵᠦ ᠰᠡᠵᠢᠭ ᠢ ᠨᠢ ᠲᠠᠶᠢᠯᠤᠨ᠎ᠠ᠃ ᠡᠭᠦᠨ ᠤ | ᠬᠠᠮᠲᠤ ᠲᠤᠬᠠᠶ ᠶᠢᠨ ᠲᠠᠯᠠᠪᠠᠶ ᠳᠤ ᠮᠠᠯᠴᠢᠳ ᠲᠤ ᠮᠣᠩᠭᠤᠯ ᠬᠢᠲᠠᠳ ᠬᠤᠤᠰ ᠬᠡᠯᠡᠨ ᠤ ᠬᠠᠷᠢᠴᠠᠭᠤᠯᠤᠭᠰᠠᠨ ︽ | ᠮᠠᠯᠴᠢᠨ ᠲᠠᠷᠢᠶᠠᠴᠢᠨ ᠤ ᠬᠠᠤᠯᠢ ᠴᠠᠭᠠᠵᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠷᠭᠡᠨ ᠤ ᠬᠠᠤᠯᠢ ᠶᠢᠨ ᠪᠢᠴᠢᠭ ᠤᠨ ᠣᠷᠤᠭ ᠬᠡᠷ ᠪᠦᠯᠢ ᠶᠢᠨ ᠨᠠᠶᠢᠷᠠᠭᠤᠯᠤᠯ︾ ᠵᠡᠷᠭᠡ ᠡᠯ᠎ᠡ ᠲᠥᠷᠥᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ 60 ᠭᠠᠷᠤᠶ ᠬᠤᠪᠢ ᠲᠠᠷᠬᠠᠭᠠᠨ ᠥᠭᠴᠡᠶ᠃ | ᠮᠠᠯᠴᠢᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠮᠡᠳᠡᠬᠦ᠂ ᠬᠠᠤᠯᠢ ᠰᠤᠷᠬᠤ ᠪᠣᠯᠭᠠᠵᠤ᠂ ᠠᠵᠢᠯ | ᠶᠠᠪᠤᠳᠠᠯ ᠭᠦᠶ᠋ᠴᠡᠳᠬᠡᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠬᠦ᠂ | ᠠᠰᠠᠭᠤᠳᠠᠯ ᠢ ᠰᠢᠶ᠋ᠳᠪᠦᠷᠢᠯᠡᠬᠦ ᠳᠡᠭᠡᠨ ᠬᠠᠤᠯᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠴᠠᠭᠠᠵᠠ ᠳᠤ | ᠲᠦᠰᠢᠭᠯᠡᠬᠦ ᠰᠠᠶᠢᠨ ᠰᠠᠶᠢᠬᠠᠨ ᠳᠠᠳᠬᠠᠯ ᠢ ᠪᠣᠶ ᠪᠣᠯᠭᠠᠬᠤ ᠬᠡᠷᠡᠭᠲᠡᠶ᠃ | ᠮᠠᠯᠴᠢᠨ ᠲᠦᠮᠡᠨ ᠲᠠᠢ ᠳᠣᠲᠣᠨᠣᠰᠤᠭ ᠢᠶᠠᠷ ᠬᠠᠷᠢᠯᠴᠠᠬᠤ ᠪᠠᠷ ᠳᠠᠮᠵᠢᠭᠤᠯᠤᠨ᠂ ᠪᠣᠳᠠᠲᠤ | ᠠᠵᠢᠯᠯᠠᠭ᠎ᠠ ᠪᠠᠷ ᠢᠶᠠᠨ ᠮᠠᠯᠴᠢᠨ ᠲᠦᠮᠡᠨ ᠳᠤ ᠪᠣᠳᠠᠲᠠᠶ ᠠᠵᠢᠯ ᠬᠢᠵᠦ᠂ ᠣᠯᠠᠨ ᠲᠦᠮᠡᠨ ᠨᠢᠭᠡᠪᠦᠷᠢ ᠳᠤ ᠬᠠᠤᠯᠢ | ᠲᠦᠭᠡᠮᠡᠯᠵᠢᠭᠦᠯᠬᠦ ᠳᠥᠭᠦᠮ ᠳᠥᠲᠡ ᠥᠨᠳᠥᠷ ᠪᠦᠲᠦᠮᠵᠢᠲᠡᠶ ᠦᠶ᠋ᠯᠡᠴᠢᠯᠡᠭᠡ ᠶᠢ ᠡᠳ᠋ᠯᠡᠭᠦᠯᠵᠦ᠂ ᠠᠷᠠᠳ ᠲᠦᠮᠡᠨ ᠳᠤ | ᠦᠨᠡᠨ ᠬᠦ ᠦᠶ᠋ᠯᠡᠴᠢᠯᠡᠬᠦ ᠶᠢ ᠪᠡᠶᠡᠯᠡᠭᠦᠯᠬᠦ ᠬᠡᠷᠡᠭᠲᠡᠶ᠃ | | | | | | |