ᠮᠠᠨᠳᠤᠯ ᠪᠠᠯᠭᠠᠰᠤ ︽ᠭᠤᠷᠪᠠ ᠶᠢ ᠬᠦᠴᠦᠯᠡᠨ︾ ᠪᠠᠯᠭᠠᠰᠤᠨ ᠤ ᠦᠶ᠋ᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ ᠤᠮᠠᠷᠠᠲᠤ ᠶᠢᠨ ᠵᠠᠩ ᠦᠶ᠋ᠯᠡ ᠶᠢᠨ ᠵᠢᠵᠢᠭ ᠪᠠᠯᠭᠠᠰᠤ ᠶᠢ ᠴᠣᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2021/7/22
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠮᠠᠨᠳᠤᠯᠠ ᠪᠠᠯᠭᠠᠰᠤ ᠪᠣᠭᠤᠮᠲᠠ ᠶᠢᠨ ᠤᠨᠴᠠᠯᠢᠭᠳᠤ ᠬᠤᠲᠠ ᠪᠠᠯᠭᠠᠰᠤ ᠶᠢ ᠲᠦᠷᠭᠡᠨ ᠪᠦᠲᠦᠭᠡᠨ ᠪᠠᠶᠢᠭᠤᠯᠬᠤ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠣᠭᠤᠷᠢᠨ ᠳᠤ ᠣᠯᠠᠨ ᠲᠦᠮᠡᠨ ᠤ ︽ᠪᠠᠴᠢᠮᠳᠠᠵᠤ ᠵᠣᠪᠠᠭ᠋ᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠪᠠᠯᠭᠠᠰᠤᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ︽ᠭᠤᠷᠪᠠᠨ ᠬᠦᠴᠦ ᠲᠠᠯᠪᠢᠬᠤ︾ ᠪᠠᠷ ᠭᠠᠷᠳᠠᠴᠠ ᠪᠣᠯᠭᠠᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠶ᠋ᠯᠡᠳᠦᠯᠭᠡ ᠶᠢᠨ ᠠᠵᠢᠯᠯᠠᠭ᠎ᠠ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠣᠯᠠᠨ ᠤ ᠵᠣᠯ ᠵᠢᠷᠭᠠᠯᠲᠤ ᠰᠡᠳᠬᠢᠯᠭᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠂ ᠮᠠᠨᠳᠤᠯ᠎ᠠ ᠪᠠᠯᠭᠠᠰᠤᠨ ᠤ ᠨᠡᠶᠢᠭᠡᠮ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠮᠠᠨᠳᠤᠯ᠎ᠠ ᠪᠣᠭᠤᠮᠲᠠ ᠶᠢᠨ ᠬᠢᠯᠢ ᠬᠢᠵᠠᠭᠠᠷ ᠤᠨ ᠵᠢᠭᠤᠯᠴᠢᠯᠠᠯ ᠤᠨ ᠵᠠᠩ ᠦᠶ᠋ᠯᠡ ᠶᠢᠨ ᠵᠢᠵᠢᠭ ᠪᠠᠯᠭᠠᠰᠤ ᠶᠢ ᠲᠦᠷᠭᠡᠳᠬᠡᠨ ᠪᠠᠶᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃      ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ᠪᠥᠬᠦ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠠᠯᠭᠠᠰᠤ ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠶ᠋ᠯᠡᠰ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠨᠳᠤᠯ᠎ᠠ ᠪᠠᠯᠭᠠᠰᠤ ᠨᠢ ᠪᠠᠯᠭᠠᠰᠤ ᠲᠣᠭᠤᠷᠢᠭ ᠤᠨ ᠵᠠᠮ ᠤᠨ ᠦᠵᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠣᠲᠣ ᠨᠢᠭᠡᠨᠲᠡ 3᠂ ᠥᠷᠭᠡᠷᠢᠭ 3 ᠬᠤᠶᠠᠷ ᠭᠤᠤᠯ ᠵᠠᠮ ᠢᠶᠠᠷ ᠥᠩᠭᠡᠷᠡᠬᠦ ᠴᠠᠷᠳᠠᠮᠠᠯ ᠵᠠᠮ ᠢ ᠳᠡᠪᠢᠰᠬᠦ ᠠᠵᠢᠯ ᠢ ᠪᠡᠶᠡᠯᠡᠭᠦᠯᠵᠦ᠂ ᠥᠷᠭᠡᠷᠢᠭ 3 ᠵᠠᠮ ᠤᠨ ᠬᠤᠶᠠᠷ ᠬᠠᠵᠠᠭᠤ ᠶᠢᠨ ᠵᠠᠮ ᠤᠨ ᠭᠠᠳᠠᠷᠭᠤ ᠶᠢ ᠬᠠᠲᠠᠭᠤᠷᠠᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠬᠢᠯᠢ ᠬᠢᠵᠠᠭᠠᠷ ᠣᠷᠣᠨ ᠳᠤ ᠬᠥᠷᠬᠦ ᠵᠠᠰᠠᠮᠠᠯ ᠵᠠᠮ ᠤᠨ ᠲᠥᠷᠥᠯ ᠵᠦᠶ᠋ᠯ ᠢ ᠬᠡᠷᠡᠭᠵᠢᠭᠦᠯᠵᠦ᠂ ᠬᠢᠯᠢ ᠶᠢᠨ ᠮᠠᠯᠴᠢᠳ ᠲᠤ 11 ᠵᠤᠷᠪᠤᠰ ᠵᠠᠰᠠᠮᠠᠯ ᠵᠠᠮ ᠵᠠᠰᠠᠵᠤ ᠥᠭᠭᠦᠨ᠎ᠡ᠂ ᠡᠭᠦᠨ ᠳᠤ 3 ᠵᠤᠷᠪᠤᠰ ᠬᠢᠯᠢ ᠬᠢᠵᠠᠭᠠᠷ ᠣᠷᠣᠨ ᠳᠤ ᠬᠥᠷᠬᠦ ᠱᠦᠶ᠋ᠨᠢ ᠵᠠᠮ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠨᠲᠡ ᠪᠡᠶᠡᠯᠡᠭᠦᠯᠵᠦ᠂ ᠪᠥᠬᠦ ᠪᠠᠯᠭᠠᠰᠤᠨ ᠤ ᠰᠠᠭᠤᠭᠠᠯᠢ ᠠᠷᠠᠳ ᠲᠤ ᠳᠥᠭᠦᠮ ᠳᠥᠲᠡ᠂ ᠲᠦᠷᠭᠡᠨ ᠵᠠᠮ ᠤᠨ ᠲᠣᠤᠷ ᠤᠨ ᠰᠢᠰᠲ᠋ᠧᠮᠵᠢ ᠶᠢ ᠪᠠᠶᠢᠭᠤᠯᠬᠤ ᠪᠠᠷ ᠴᠢᠷᠮᠠᠶᠢᠨ᠎ᠠ᠃ 26 ᠡᠷᠦᠬᠡ ᠮᠠᠯᠴᠢᠳ ᠲᠤ ᠬᠢᠯᠢ ᠶᠢᠨ ᠥᠨᠳᠥᠷ ᠬᠦᠴᠦᠳᠡᠯᠲᠦ ᠴᠠᠬᠢᠯᠭᠠᠨ ᠤ ᠲᠥᠷᠥᠯ ᠵᠦᠶ᠋ᠯ ᠢ ᠬᠡᠷᠡᠭᠵᠢᠭᠦᠯᠵᠦ᠂ ᠮᠠᠯᠴᠢᠨ ᠲᠦᠮᠡᠨ ᠤ ᠦᠶ᠋ᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠪᠠᠲᠤᠯᠠᠨ᠎ᠠ᠃ ᠬᠢᠯᠢ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠲᠥᠷᠥᠯ ᠵᠦᠶ᠋ᠯ ᠢ ᠬᠡᠷᠡᠭᠵᠢᠭᠦᠯᠵᠦ᠂ ᠮᠠᠯᠴᠢᠨ ᠲᠦᠮᠡᠨ ᠤ ᠠᠮᠤᠷ ᠲᠦᠪᠰᠢᠨ ᠣᠷᠣᠨ ᠰᠠᠭᠤᠴᠠ ᠶᠢᠨ ᠠᠰᠠᠭᠤᠳᠠᠯ ᠢ ᠰᠢᠶ᠋ᠳᠪᠦᠷᠢᠯᠡᠨ᠎ᠡ᠃ ᠵᠢᠵᠢᠭ ᠰᠠᠪᠠ ᠭᠠᠵᠠᠷ ᠢ ᠵᠠᠰᠠᠬᠤ ᠲᠥᠷᠥᠯ ᠵᠦᠶ᠋ᠯ ᠢ ᠬᠡᠷᠡᠭᠵᠢᠭᠦᠯᠵᠦ᠂ ᠪᠠᠯᠭᠠᠰᠤ ᠶᠢᠨ ᠭᠤᠤᠯ ᠵᠡᠭᠡᠯᠢ ᠭᠤᠳᠤᠮᠵᠢ ᠶᠢ ᠭᠤᠶᠤᠵᠢᠭᠤᠯᠤᠨ ᠬᠠᠲᠠᠭᠤᠷᠠᠭᠤᠯᠵᠤ᠂ ᠪᠡᠶ᠎ᠡ ᠴᠢᠭᠢᠷᠠᠭᠵᠢᠭᠤᠯᠬᠤ᠂ ᠰᠡᠯᠡᠭᠦᠴᠡᠬᠦ᠂ ᠵᠤᠭ᠎ᠠ ᠴᠡᠩᠭᠡᠯ ᠢ ᠨᠢᠭᠡ ᠴᠣᠠᠠᠴᠠᠵᠢᠭᠤᠯᠥᠠᠠᠰᠠᠨ ᠰᠣᠶᠣᠯ ᠤᠨ ᠠᠭᠤᠳᠠᠮ ᠲᠠᠯᠠᠪᠠᠶ ᠶᠢ ᠪᠠᠶᠢᠭᠤᠯᠵᠤ᠂ ᠮᠠᠨᠳᠤᠯ ᠪᠠᠯᠭᠠᠰᠤ ᠶᠢᠨ ᠦᠶ᠋ᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃      ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠲᠠᠬᠢᠨ ᠢᠯᠡᠷᠡᠭᠦᠯᠦᠨ᠎ᠡ᠃ᠮᠠᠨᠳᠤᠯ ᠪᠠᠯᠭᠠᠰᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠵᠤ᠂ ᠤᠳᠤᠷᠢᠳᠬᠤ ᠪᠠᠭ᠂ ᠨᠠᠮ ᠤᠨ ᠭᠡᠰᠢᠭᠦᠨ ᠺᠠᠳ᠋ᠷ ᠵᠡᠷᠭᠡᠪᠡᠷ ᠤᠷᠤᠭᠰᠢᠯᠠᠵᠤ᠂ ᠵᠡᠷᠭᠡᠪᠡᠷ ᠬᠦᠴᠦᠯᠡᠬᠦ ᠶᠢ ᠢᠮᠠᠭᠲᠠ ᠪᠠᠷᠢᠮᠲᠠᠯᠠᠵᠤ᠂ ᠪᠠᠯᠭᠠᠰᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ︽ᠲᠦᠷᠭᠡᠨ ᠤ ᠵᠠᠮ︾ ᠳᠤ ᠣᠷᠣᠭᠤᠯᠬᠤ ᠶᠢ ᠪᠦᠬᠦ ᠬᠤᠷᠳᠤᠴᠠ ᠪᠠᠷ ᠠᠬᠢᠭᠤᠯᠪᠠ᠃ ᠪᠠᠯᠭᠠᠰᠤ ᠲᠣᠭᠤᠷᠢᠭ ᠤᠨ ᠠᠮᠢᠳᠤᠷᠠᠯ ᠪᠠ ᠪᠠᠷᠢᠯᠭ᠎ᠠ ᠶᠢᠨ ᠬᠤᠭ ᠨᠣᠪᠰᠢ᠂ ᠰᠢᠨ᠎ᠡ ᠪᠠᠷ ᠪᠠᠶᠢᠭᠤᠯᠤᠭᠰᠠᠨ ᠰᠦᠶ᠋ᠳᠬᠡᠯ ᠬᠤᠷᠢᠶᠠᠬᠤ ᠥᠷᠲᠡᠭᠡ ᠶᠢᠨ ᠡᠷᠬᠢᠨ ᠲᠣᠭᠤᠷᠢᠨ ᠤ ᠲᠠᠯ᠎ᠠ ᠨᠤᠲᠤᠭ ᠤᠨ ᠴᠠᠭᠠᠨ ᠥᠩᠭᠡ ᠲᠠᠢ ᠬᠤᠭ ᠨᠣᠪᠰᠢ ᠪᠠ G331᠂ G210 ᠤᠯᠤᠰ ᠤᠨ ᠵᠠᠮ ᠳᠠᠭᠠᠤ ᠶᠢᠨ ᠬᠤᠭ ᠨᠣᠪᠰᠢ ᠵᠢᠴᠢ ᠡᠪᠡᠰᠦ ᠪᠡᠯᠴᠢᠭᠡᠷ ᠤᠨ ᠳᠣᠲᠣᠷᠠᠬᠢ ᠪᠠᠯᠠᠶ ᠴᠡᠭ ᠤᠨ ᠣᠷᠣᠨ ᠪᠦᠰᠡ᠂ ᠨᠥᠮᠥᠷᠢ ᠭᠠᠵᠠᠷ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠪᠠ ᠪᠥᠬᠦ ᠲᠠᠯ᠎ᠠ ᠪᠠᠷ ᠴᠡᠪᠡᠷᠯᠡᠨ᠎ᠡ︔ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠯᠭᠠᠰᠤᠨ ᠤ ᠳᠡᠯᠭᠡᠭᠦᠷ ᠫᠦᠰᠡ ᠶᠢᠨ ᠡᠵᠡᠩᠨᠡᠯᠲᠡ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠡᠷᠦᠶ ᠬᠤᠷᠤᠶ ᠦᠭᠡᠢ ᠦᠵᠡᠭᠳᠡᠯ ᠢ ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠵᠠᠰᠠᠬᠤ ᠬᠡᠷᠡᠭᠲᠡᠶ︔ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠩᠭᠢ ᠲᠠᠢ ᠬᠤᠯᠪᠣᠭᠠᠯᠠᠨ᠂ 2 ᠠᠴᠢᠶᠠᠨ ᠤ ᠮᠠᠰᠢᠨ᠂ 1 ᠮᠠᠯᠲᠠᠭᠤᠷ ᠮᠠᠰᠢᠨ᠂ 3 ᠥᠪᠡᠷᠲᠡᠭᠡᠨ ᠪᠠᠭᠤᠯᠭᠠᠬᠤ ᠲᠡᠷᠭᠡ ᠶᠢ ᠬᠥᠳᠡᠯᠭᠡᠨ ᠪᠠᠯᠭᠠᠰᠤᠨ ᠤ ᠲᠣᠭᠤᠷᠢᠭ ᠤᠨ 1 ᠲᠦᠮᠡ ᠭᠠᠷᠤᠶ ᠲᠣᠨ ᠪᠠᠷᠢᠯᠭ᠎ᠠ ᠶᠢᠨ ᠬᠤᠭ ᠨᠣᠪᠰᠢ ᠶᠢ ᠪᠥᠬᠦ ᠲᠠᠯ᠎ᠠ ᠪᠠᠷ ᠴᠡᠪᠡᠷᠯᠡᠨ᠎ᠡ︔ ᠡᠷᠦᠬᠡ ᠶᠢᠨ ᠵᠣᠷᠯᠣᠩ ᠢ ᠥᠭᠡᠷᠡᠴᠢᠯᠡᠬᠦ ᠲᠥᠷᠥᠯ ᠵᠦᠶ᠋ᠯ ᠢ ᠬᠡᠷᠡᠭᠵᠢᠭᠦᠯᠵᠦ᠂ ᠪᠠᠯᠭᠠᠰᠤᠨ ᠤ ᠲᠣᠭᠤᠷᠢᠭ ᠲᠤ 2 ᠰᠢᠨ᠎ᠡ ᠬᠥᠳᠡᠭᠡ ᠲᠣᠰᠬᠤᠨ ᠤ ᠬᠤᠤᠷ ᠥᠬᠡᠶ ᠣᠷᠴᠢᠨ ᠲᠣᠭᠤᠷᠢᠨ ᠢ ᠬᠠᠮᠠᠭᠠᠯᠠᠬᠤ ᠬᠠᠭᠤᠷᠠᠶ ᠵᠣᠷᠯᠣᠩ ᠢ ᠰᠢᠨ᠎ᠡ ᠪᠠᠷ ᠪᠠᠶᠢᠭᠤᠯᠵᠤ᠂ ᠴᠡᠪᠡᠷ᠂ ᠵᠢᠭᠳᠡ᠂ ᠡᠶ᠎ᠡ ᠵᠣᠬᠢᠴᠠᠯ ᠲᠠᠢ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃      ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠪᠠ ᠃ᠭᠤᠷᠪᠠᠳᠤᠭᠠᠷ ᠠᠵᠤ ᠦᠶ᠋ᠯᠡᠰ ᠤᠨ ᠬᠥᠭᠵᠢᠯᠲᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠪᠠ ᠪᠥᠬᠦ ᠪᠠᠯᠭᠠᠰᠤᠨ ᠤ ᠠᠵᠤ ᠠᠬᠤᠶ ᠶᠢᠨ ᠲᠦᠷᠭᠡᠨ ᠨᠡᠮᠡᠭᠳᠡᠯ ᠢ ᠪᠦᠲᠦᠮᠵᠢᠲᠡᠶ ᠳᠠᠶᠢᠴᠢᠯᠠᠬᠤ ᠶᠢᠨ ᠲᠥᠯᠥᠭᠡ᠂ ᠮᠠᠨᠳᠤᠯ᠎ᠠ ᠪᠠᠯᠭᠠᠰᠤ ᠣᠲᠣ ᠦᠶ᠎ᠡ ᠶᠢᠨ ᠮᠠᠯ ᠠᠵᠤ ᠠᠬᠤᠶ ᠪᠠ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠵᠡᠷᠭᠡ ᠤᠨᠴᠠᠯᠢᠬᠳᠤ ᠠᠵᠤ ᠦᠶ᠋ᠯᠡᠰ ᠢ ᠶᠡᠭᠡ ᠪᠠᠷ ᠠᠭᠤᠳᠠᠯᠪᠠ᠃ ᠮᠠᠯᠴᠢᠳ ᠢ ᠬᠥᠲᠥᠯᠦᠨ ᠵᠢᠯᠣᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠵᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠢᠵᠢ ᠪᠥᠷᠢᠳᠦᠭᠦᠯᠬᠦ ᠲᠥᠷᠥᠯ ᠵᠦᠶ᠋ᠯ ᠢ ᠢᠳᠡᠪᠬᠢᠯᠡᠨ ᠣᠯᠵᠤ᠂ ᠣᠬᠤᠷ ᠰᠡᠭᠦᠯᠲᠦ ᠬᠤᠨᠢᠨ ᠤ ᠠᠳᠠᠯᠢ ᠬᠤᠭᠤᠴᠠᠭᠠᠨ ᠤ ᠲᠣᠰ ᠵᠠᠮ ᠬᠠᠷᠢᠯᠴᠠᠭᠠᠨ ᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠡᠶᠡᠯᠡᠭᠦᠯᠵᠦ᠂ ᠮᠠᠯᠴᠢᠳ ᠤᠨ ᠲᠥᠯᠥᠭᠡᠯᠡᠭᠴᠢᠳ ᠢ ᠳᠠᠭᠠᠭᠤᠯᠤᠨ ᠳᠥᠷᠪᠡᠳ ᠬᠤᠰᠢᠭᠤᠨ ᠳᠤ ᠬᠦᠷᠴᠦ 3 ᠡᠳᠦᠷ ᠤᠨ ᠬᠤᠭᠤᠴᠠᠭ᠎ᠠ ᠲᠠᠢ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠤᠨ ᠦᠶ᠋ᠯᠡᠳᠦᠯᠭᠡ ᠶᠢᠨ ᠵᠢᠭᠠᠨ ᠰᠤᠷᠭᠠᠯᠲᠠ ᠶᠢ ᠥᠷᠨᠢᠭᠦᠯᠦᠨ᠎ᠡ᠃ ᠪᠦᠬᠦ ᠣᠷᠣᠨ ᠪᠦᠰᠡ ᠶᠢᠨ ᠵᠤᠭᠠᠴᠠᠯ ᠤᠨ ᠬᠥᠭᠵᠢᠯᠲᠡ ᠶᠢᠨ ᠰᠡᠳᠬᠢᠴᠡ ᠲᠠᠢ ᠤᠶᠠᠯᠳᠤᠭᠤᠯᠵᠤ᠂ ︽ᠨᠠᠮ ᠤᠨ ᠪᠠᠶᠢᠭᠤᠯᠤᠯᠲᠠ + ᠵᠤᠭᠠᠴᠠᠯ + ᠬᠤᠪᠢᠰᠬᠠᠯ ᠤᠨ ᠬᠥᠮᠦᠵᠢᠯ︾ ᠤᠨ ᠵᠤᠭᠠᠴᠠᠯ ᠤᠨ ᠱᠤᠭᠤᠮ ᠢ ᠪᠠᠶᠢᠭᠤᠯᠵᠤ᠂ ᠡᠯ᠎ᠡ ᠭᠠᠵᠠᠷ ᠤᠨ ᠵᠤᠭᠠᠴᠠᠭᠰᠠᠳ ᠢ ᠮᠠᠨ ᠤ ᠪᠠᠯᠭᠠᠰᠤᠨ ᠳᠤ ᠲᠠᠳᠠᠨ ᠠᠪᠴᠢᠷᠠᠵᠤ᠂ ᠡᠯ᠎ᠡ ᠵᠦᠢᠯ ᠤᠨ ᠬᠡᠯᠪᠡᠷᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠰᠢᠨᠵᠢᠯᠡᠨ ᠪᠠᠶᠢᠴᠠᠭᠠᠬᠤ ᠵᠤᠭᠠᠴᠠᠯ ᠤᠨ ᠠᠵᠢᠯᠯᠠᠭ᠎ᠠ ᠥᠷᠨᠢᠭᠦᠯᠵᠦ᠂ ᠣᠳᠣᠬᠠᠨ ᠳᠤ ᠤᠮᠠᠷᠠᠲᠤ ᠬᠢᠯᠢ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠤ ᠲᠦᠷᠦᠯ ᠵᠦᠢᠯ᠂ ᠠᠷᠠᠳ ᠤᠨ ᠵᠠᠩ ᠦᠢᠯᠡ ᠶᠢ ᠣᠶᠢᠯᠠᠭᠠᠬᠤ ᠲᠥᠪ ᠤᠨ ᠲᠦᠷᠦᠯ ᠵᠦᠢᠯ ᠢ ᠶᠠᠭ ᠵᠠᠰᠠᠵᠤ ᠴᠢᠮᠡᠭᠯᠡᠵᠦ ᠪᠤᠢ᠂ ᠭᠡᠷ ᠤᠨ ᠭᠠᠳᠠᠨᠠᠬᠢ ᠥᠷᠭᠡᠳᠬᠡᠨ ᠪᠣᠯᠪᠠᠰᠤᠷᠠᠭᠤᠯᠬᠤ ᠰᠠᠭᠤᠷᠢᠨ ᠤ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ ᠶᠢ ᠨᠢᠭᠡᠨᠲᠡ ᠪᠡᠶᠡᠯᠡᠭᠦᠯᠪᠡ᠃      ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠦᠷᠭᠦᠯᠵᠢᠯᠡᠨ ᠤᠶᠠᠯᠳᠤᠭᠤᠯᠵᠤ᠂ ᠪᠣᠳᠠᠲᠤ ᠶᠠᠪᠤᠳᠠᠯ ᠬᠢᠬᠦ ᠶᠢ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ︽ᠣᠨᠴᠠᠯᠢᠭ ᠢ ᠳᠣᠪᠤᠶᠢᠯᠭᠠᠬᠤ᠂ ᠠᠭᠤᠯᠤᠭᠳᠠᠬᠤᠨ ᠢ ᠪᠠᠶᠠᠯᠢᠭᠵᠢᠭᠤᠯᠬᠤ᠂ ᠴᠢᠳᠠᠮᠵᠢ ᠶᠢ ᠲᠡᠭᠦᠯᠳᠡᠷᠵᠢᠭᠦᠯᠬᠦ᠂ ᠦᠨᠦᠷ ᠠᠮᠲᠠ ᠶᠢ ᠳᠡᠭᠡᠭᠰᠢᠯᠡᠭᠦᠯᠬᠦ︾ ᠠᠵᠢᠯ ᠤᠨ ᠰᠡᠳᠬᠢᠮᠵᠢ ᠶᠣᠰᠣᠭᠠᠷ᠂ ᠰᠢᠨ᠎ᠡ ᠮᠠᠯᠵᠢᠬᠤ ᠣᠷᠣᠨ ᠤ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠪᠠᠯᠭᠠᠰᠤ ᠲᠣᠭᠤᠷᠢᠭ ᠤᠨ ᠦᠶ᠋ᠯᠡᠴᠢᠯᠡᠭᠡᠨ ᠤ ᠴᠢᠳᠠᠮᠵᠢ ᠶᠢᠨ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠣᠯᠠᠨ ᠲᠦᠮᠡᠨ ᠤ ᠲᠤᠰᠬᠠᠭᠰᠠᠨ ︽ᠠᠰᠠᠭᠤᠳᠠᠯ ᠤᠨ ᠨᠠᠷᠢᠨ ᠲᠠᠩᠰᠠ︾ ᠶᠢ ᠦᠨᠡᠨᠬᠦ ︽ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠨᠠᠷᠢᠨ ᠲᠠᠩᠰᠠ︾ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号