7 ᠳ᠋ᠤᠭᠠᠷ ᠰᠠᠷ᠎ᠠ ᠶᠢᠨ 21 ᠤ ᠦᠳᠡ ᠶᠢᠨ ᠡᠮᠦᠨᠡᠬᠢ 10 ᠴᠠᠭ ᠲᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠥᠪᠥᠷ | ᠮᠣᠩᠭᠤᠯ ᠤᠨ 31 ᠳ᠋ᠦᠭᠡᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠬᠤᠷᠠᠯ ᠤᠨ ᠰᠣᠨᠢᠨ ᠮᠡᠳᠡᠭᠡ | ᠨᠡᠶᠢᠳᠡᠯᠡᠬᠦ ᠬᠤᠷᠠᠯ᠃ | | | | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠸᠧᠢ ᡁᠢ ᠬᠦᠸᠧ ᠲᠤᠰ ᠬᠤᠭᠤᠴᠠᠭᠠᠨ ᠤ | ᠵᠤᠭᠠᠴᠠᠯ ᠤᠨ ᠨᠠᠭᠠᠳᠤᠮ ᠤᠨ ᠪᠦᠬᠦᠯᠢ ᠴᠣᠭᠴᠠ ᠶᠢᠨ ᠪᠠᠶᠢᠳᠠᠯ ᠪᠠ ᠠᠬᠤᠢ ᠪᠠᠶᠢᠳᠠᠯ ᠤᠨ ᠠᠴᠢ ᠬᠤᠯᠪᠣᠭᠳᠠᠯ ᠢ | ᠲᠠᠨᠢᠯᠴᠠᠭᠤᠯᠪᠠ | | ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠪᠢᠨ ᠵᠢᠭᠤᠯᠴᠢᠯᠠᠯ ᠤᠨ | ᠨᠠᠭᠠᠳᠤᠮ ᠤᠨ ᠪᠣᠳᠠᠲᠠᠶ ᠠᠵᠢᠯᠯᠠᠭ᠎ᠠ ᠶᠢᠨ ᠠᠭᠤᠯᠭ᠎ᠠ ᠶᠢ ᠲᠠᠨᠢᠯᠴᠠᠭᠤᠯᠪᠠ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠤ ᠳᠠᠷᠤᠭ᠎ᠠ ᠱᠢ ᠵᠥᠩ ᠴᠢᠨ ᠵᠢᠭᠤᠯᠴᠢᠯᠠᠯ ᠤᠨ ᠨᠠᠭᠠᠳᠤᠮ ᠤᠨ | ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | | ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢ ᠠᠰᠠᠭᠤᠯᠲᠠ ᠭᠠᠷᠭᠠᠪᠠ | | ᠥᠪᠥᠷ ᠮᠣᠩᠭᠤᠯ ᠤᠨ 31 ᠳ᠋ᠦᠭᠡᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠶᠡᠭᠡ ᠬᠤᠷᠠᠯ | 2021 ᠣᠨ ᠤ 7 ᠳ᠋ᠤᠭᠠᠷ ᠰᠠᠷ᠎ᠠ ᠶᠢᠨ 31 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠬᠠᠶᠢᠷᠠᠭᠤᠳ ᠤᠨ ᠨᠠᠭᠠᠳᠤᠮ ᠤᠨ ᠰᠣᠶᠣᠯ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠲᠤ ᠡᠬᠢᠯᠡᠨ᠎ᠡ᠂ | ᠡᠬᠢᠯᠡᠬᠦ ᠬᠤᠭᠤᠴᠠᠭᠠᠨ ᠳᠤ ᠤᠷᠠᠨ ᠰᠠᠶᠢᠬᠠᠨ ᠤ ᠲᠣᠭᠯᠠᠯᠲᠠ᠂ ᠤᠷᠤᠯᠳᠤᠭᠠᠨ ᠤ ᠤᠷᠤᠯᠳᠤᠭᠠᠨ᠂ ᠵᠥᠪᠳᠡᠯᠴᠡᠭᠡᠨ ᠤ | ᠶᠠᠷᠢᠯᠴᠠᠭᠠᠨ ᠤ ᠲᠠᠪᠴᠠᠩ᠂ ᠠᠷᠠᠯᠵᠢᠶ᠎ᠠ ᠬᠤᠳᠠᠯᠳᠤᠭᠠᠨ ᠤ ᠴᠤᠭᠯᠠᠭᠠᠨ ᠦᠵᠡᠰᠬᠦᠯᠡᠩ ᠵᠡᠷᠭᠡ ᠰᠢᠷᠢᠰ ᠠᠵᠢᠯᠯᠠᠭ᠎ᠠ | ᠥᠷᠨᠢᠭᠦᠯᠵᠦ᠂ 8 ᠳ᠋ᠤᠭᠠᠷ ᠰᠠᠷ᠎ᠠ ᠶᠢᠨ 11 ᠤ ᠡᠳᠦᠷ ᠪᠣᠯᠲᠠᠯ᠎ᠠ ᠶᠠᠪᠤᠭᠳᠠᠨ᠎ᠠ᠃ ᠠᠵᠢᠯᠯᠠᠭ᠎ᠠ ᠶᠢᠨ | ᠬᠤᠭᠤᠴᠠᠭᠠᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 8 ᠳ᠋ᠤᠭᠠᠷ ᠬᠤᠭᠤᠴᠠᠭᠠᠨ ᠤ ᠨᠡᠭᠦᠳᠡᠯ | ᠮᠠᠯᠵᠢᠯ ᠤᠨ ᠰᠣᠶᠣᠯ ᠵᠤᠭᠠᠴᠠᠯ ᠤᠨ ᠪᠠᠶᠠᠷ ᠢ ᠳᠤᠭᠤᠯᠤᠨ᠎ᠠ᠃ | ᠲᠣᠰ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠭᠤᠤᠯᠯᠠᠨ ᠡᠷᠭᠢᠯᠡᠵᠦ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ | ᠬᠤᠷᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ | ᠡᠷᠭᠢᠯᠡᠨ᠎ᠡ᠃ | ᠠᠵᠢᠯᠯᠠᠭᠠᠨ ᠤ ᠭᠤᠣᠯ ᠰᠡᠳᠦᠪ | 31 ᠳ᠋ᠦᠭᠡᠷ ᠬᠤᠭᠤᠴᠠᠭᠠᠨ ᠤ ᠵᠤᠭᠠᠴᠠᠯ ᠤᠨ ᠨᠠᠭᠠᠳᠤᠮ ᠤᠨ ᠭᠤᠣᠯ ᠰᠡᠳᠦᠪ ᠪᠣᠯ᠄ ᠦᠨᠳᠦᠰᠦᠲᠡᠨ ᠤ | ᠪᠦᠯᠬᠦᠮᠳᠡᠯ ᠤᠨ ᠰᠡᠳᠬᠢᠯᠭᠡ ᠶᠢ ᠨᠢᠭᠲᠠᠷᠠᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠲᠠᠢ ᠪᠣᠯᠵᠣᠨ᠎ᠠ᠃ | ᠲᠤᠰ ᠬᠤᠭᠤᠴᠠᠭᠠᠨ ᠤ ᠵᠤᠭᠠᠴᠠᠯ ᠤᠨ ᠨᠠᠭᠠᠳᠤᠮ ᠢ ᠲᠥᠰᠦᠪᠯᠡᠬᠦ ᠠᠴᠠ ᠠᠪᠤᠭᠠᠳ ᠬᠡᠷᠡᠭᠵᠢᠭᠦᠯᠬᠦ ᠪᠣᠯᠲᠠᠯ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠭᠦᠯᠬᠦ ᠶᠢ ᠪᠠᠷᠢᠮᠲᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠶᠢ ᠭᠦᠢᠴᠡᠳ | ᠢᠯᠡᠷᠡᠭᠦᠯᠬᠦ ᠶᠢᠨ ᠬᠠᠮᠲᠤ ᠳᠡᠯᠭᠡᠨ ᠦᠵᠡᠭᠦᠯᠦᠨ᠎ᠡ᠃ | ᠪᠣᠳᠠᠲᠠᠶ ᠠᠵᠢᠯᠯᠠᠭ᠎ᠠ | ᠲᠣᠰ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠬᠤᠷᠠᠯ ᠨᠢ ᠡᠬᠢᠯᠡᠯᠲᠡ ᠶᠢᠨ ᠶᠣᠰᠣᠯᠠᠯ ᠵᠢᠴᠢ | ᠦᠳᠡᠰᠢᠯᠡᠭᠡ ︵2 ᠵᠦᠶ᠋ᠯ︶᠂ ᠤᠷᠠᠨ ᠰᠠᠶᠢᠬᠠᠨ ᠤ ᠲᠣᠭᠯᠠᠯᠲᠠ ᠶᠢᠨ ᠲᠥᠷᠥᠯ ᠤᠨ ᠠᠵᠢᠯᠯᠠᠭ᠎ᠠ ︵13 ᠵᠦᠶ᠋ᠯ︶᠂ | ᠪᠡᠶ᠎ᠡ ᠶᠢᠨ ᠲᠠᠮᠢᠷ ᠤᠨ ᠤᠷᠤᠯᠳᠤᠭᠠᠨ ᠤ ᠲᠥᠷᠥᠯ ᠤᠨ ᠠᠵᠢᠯᠯᠠᠭ᠎ᠠ ︵9 ᠵᠦᠶ᠋ᠯ︶᠂ ᠰᠣᠶᠣᠯ ᠵᠢᠭᠤᠯᠴᠢᠯᠠᠯ ᠤᠨ | ᠲᠤᠰᠬᠠᠶ ᠠᠵᠢᠯᠯᠠᠭ᠎ᠠ ︵8 ᠵᠦᠶ᠋ᠯ︶᠂ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠪᠣᠷᠣᠯᠠᠭᠤᠯᠤᠯᠲᠠ ᠶᠢᠨ | ᠲᠥᠷᠥᠯ ᠤᠨ ᠠᠵᠢᠯᠯᠠᠭ᠎ᠠ ︵5 ᠵᠦᠶ᠋ᠯ︶ ᠵᠡᠷᠭᠡ ᠲᠠᠪᠤᠨ ᠶᠡᠭᠡ ᠲᠥᠷᠥᠯ ᠤᠨ ᠨᠡᠶᠢᠲᠡ 37 ᠵᠦᠶ᠋ᠯ ᠤᠨ ᠪᠣᠳᠠᠲᠠᠶ | ᠠᠵᠢᠯᠯᠠᠭ᠎ᠠ ᠪᠠᠷ ᠪᠦᠷᠢᠯᠳᠦᠵᠡᠶ᠃ | ᠪᠦᠬᠦ᠋ᠢᠯᠡ ᠠᠵᠢᠯᠯᠠᠭ᠎ᠠ ᠶᠢᠨ ᠭᠤᠣᠯ ᠭᠤᠭᠴᠤᠭ᠎ᠠ ᠪᠠ ᠴᠢᠬᠤᠯᠠ ᠲᠣᠭᠯᠠᠯᠲᠠ ᠪᠣᠯᠬᠤ ᠡᠬᠢᠯᠡᠯᠲᠡ ᠶᠢᠨ | ᠶᠣᠰᠣᠯᠠᠯ ᠪᠣᠯᠤᠭᠰᠠᠨ ᠤ ᠬᠤᠪᠢ ᠳᠤ᠂ ᠭᠤᠣᠯ ᠰᠡᠳᠦᠪᠲᠦ ᠰᠣᠶᠣᠯ ᠤᠳᠬ᠎ᠠ ᠤᠷᠠᠯᠢᠭ ᠤᠨ ᠠᠵᠢᠯᠯᠠᠭ᠎ᠠ ᠶᠢᠨ | ᠤᠯᠤᠰ ᠲᠦᠷᠦᠴᠢ ᠴᠢᠨᠠᠷ᠂ ᠰᠢᠨ᠎ᠡ ᠶᠢ ᠡᠭᠦᠳᠬᠦ ᠴᠢᠨᠠᠷ᠂ ᠰᠣᠨᠢᠷᠬᠠᠯᠲᠤ ᠴᠢᠨᠠᠷ ᠢ ᠲᠥᠪᠯᠡᠷᠡᠩᠭᠦᠢ ᠢᠯᠡᠷᠡᠭᠦᠯᠵᠦ᠂ | ᠲᠠᠯ᠎ᠠ ᠨᠤᠲᠤᠭ ᠤᠨ ᠬᠥᠪᠡᠭᠦᠳ ᠥᠬᠢᠳ ᠤᠨ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠶᠢ ᠮᠡᠳᠡᠷᠡᠬᠦ᠂ | ᠨᠠᠮ ᠢᠶᠠᠨ ᠲᠠᠭᠠᠬᠤ᠂ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠬᠠᠮᠲᠤᠪᠠᠷ ᠪᠦᠳᠦᠭᠡᠨ | ᠪᠠᠶᠢᠭᠤᠯᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠩᠭᠦᠢ ᠬᠠᠷᠠᠭᠤᠯᠵᠠᠢ᠃ ᠡᠬᠢᠯᠡᠯᠲᠡ ᠶᠢᠨ | ᠶᠣᠰᠣᠯᠠᠯ ᠨᠢ ᠲᠠᠯᠠᠪᠠᠢ ᠳᠤ ᠣᠷᠣᠬᠤ ᠶᠣᠰᠣᠯᠠᠯ᠂ ᠲᠤᠭ ᠮᠠᠨᠳᠤᠭᠤᠯᠬᠤ ᠶᠣᠰᠣᠯᠠᠯ᠂ ᠤᠳᠤᠷᠢᠳᠤᠯᠭ᠎ᠠ ᠶᠢᠨ ᠪᠠᠶᠠᠷ ᠤᠨ | ᠦᠭᠡ ᠬᠡᠯᠡᠬᠦ᠂ ᠠᠷᠢᠭᠤᠨ ᠭᠠᠯ ᠠᠰᠠᠭᠠᠬᠤ ᠶᠣᠰᠣᠯᠠᠯ᠂ ᠤᠷᠠᠨ ᠰᠠᠶᠢᠬᠠᠨ ᠤ ᠲᠣᠭᠯᠠᠯᠲᠠ ᠵᠢᠴᠢ ᠡᠬᠢᠯᠡᠯᠲᠡ ᠶᠢᠨ | ᠶᠣᠰᠣᠯᠠᠯ ᠤᠨ ᠦᠳᠡᠰᠢᠯᠡᠭᠡ ᠵᠡᠷᠭᠡ ᠵᠢᠷᠭᠤᠭᠠᠨ ᠵᠥᠪᠯᠡᠬᠦ ᠵᠦᠢᠯ ᠢᠶᠠᠷ ᠪᠦᠷᠢᠯᠳᠦᠵᠡᠢ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠲᠤᠮᠤ ᠬᠡᠯᠪᠡᠷᠢ ᠶᠢᠨ ᠲᠠᠯᠠᠪᠠᠢ ᠳᠤ ᠣᠷᠣᠬᠤ ᠬᠡᠯᠪᠡᠷᠢ ᠲᠠᠢ ᠪᠥᠭᠡᠳ | ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠲᠠᠢ᠂ ᠪᠠᠰᠠ ᠬᠤᠷᠴᠠ ᠰᠢᠷᠦᠭᠦᠨ ᠲᠠᠮᠢᠷ ᠤᠨ | ᠤᠷᠤᠯᠳᠤᠭᠠᠨ ᠲᠠᠢ᠃ ᠪᠠᠶᠠᠷᠲᠤ ᠳᠠᠭᠤᠤ ᠢᠳᠡᠷᠡᠭᠦᠨ ᠪᠥᠵᠢᠭ᠂ ᠳᠠᠭᠤᠤ ᠬᠥᠭᠵᠢᠮ ᠤᠨ ᠪᠠᠶᠢᠳᠠᠯ᠂ ᠬᠤᠪᠴᠠᠰᠤ | ᠵᠠᠰᠠᠯ ᠤᠨ ᠦᠵᠡᠭᠦᠯᠦᠯᠭᠡ᠂ ᠬᠠᠮᠲᠤ ᠶᠢᠨ ᠲᠣᠭᠯᠠᠯᠲᠠ ᠵᠡᠷᠭᠡ ᠡᠯ᠎ᠡ ᠲᠥᠷᠥᠯ ᠤᠨ ᠲᠣᠭᠯᠠᠯᠲᠠ ᠶᠢ ᠬᠠᠮᠲᠤ ᠪᠠᠷ | ᠲᠣᠭᠯᠠᠬᠤ ᠳᠤ ᠬᠠᠮᠲᠤ ᠪᠠᠷ ᠤᠷᠤᠯᠳᠤᠭᠠᠨ ᠳᠤ ᠣᠷᠣᠯᠴᠠᠭᠤᠯᠵᠠᠶ᠃ ᠵᠢᠷᠤᠭ᠎ᠠ ᠮᠣᠷᠢ᠂ ᠬᠤᠷᠳᠤᠨ ᠮᠣᠷᠢ᠂ | ᠪᠥᠬᠡ ᠶᠢᠨ ᠲᠣᠭᠯᠠᠯᠲᠠ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠡᠭᠡᠯᠵᠢᠯᠡᠨ ᠲᠠᠯᠠᠪᠠᠶ ᠳᠤ | ᠭᠠᠷᠴᠤ᠂ ᠬᠤᠷᠳᠤᠴᠠ᠂ ᠣᠷᠭᠢᠯᠤᠮ᠎ᠠ ᠰᠡᠳᠬᠢᠯᠭᠡ᠂ ᠬᠦᠴᠦᠨ ᠴᠢᠳᠠᠯ ᠪᠠ ᠪᠠᠶᠠᠷ ᠪᠠᠶᠠᠰᠤᠯ ᠤᠨ ᠪᠦᠷᠢᠨ ᠲᠡᠭᠦᠯᠳᠡᠷ | ᠠᠭᠤᠰᠤᠯᠴᠠᠯ ᠢ ᠭᠦᠶ᠋ᠴᠡᠳ ᠬᠠᠷᠠᠭᠤᠯᠵᠤ᠂ ᠦᠵᠡᠭᠴᠢᠳ ᠲᠤ ᠰᠣᠨᠢᠷᠬᠠᠨ ᠰᠣᠨᠢᠷᠬᠠᠬᠤ ᠴᠢᠨᠠᠷ᠂ ᠵᠤᠭ᠎ᠠ ᠴᠡᠩᠭᠡᠯ ᠤᠨ | ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ ᠢ ᠨᠢᠭᠡᠳᠬᠡᠭᠰᠡᠨ ᠦᠵᠡᠵᠦ ᠰᠣᠨᠣᠰᠬᠤ ᠦᠪᠡᠳᠡᠭᠰᠢ ᠨᠠᠶᠢᠷ ᠢ ᠳᠡᠯᠭᠡᠨ | ᠦᠵᠡᠭᠦᠯᠵᠦ᠂ ᠦᠳᠡ ᠶᠢᠨ ᠡᠮᠦᠨᠡᠬᠢ ᠡᠬᠢᠯᠡᠯᠲᠡ ᠶᠢᠨ ᠶᠣᠰᠣᠯᠠᠯ ᠤᠨ ᠪᠦᠬᠦ᠋ᠢᠯᠡ ᠭᠤᠭᠴᠤᠭ᠎ᠠ ᠨᠢ ᠪᠠᠷᠤᠭ ᠬᠤᠶᠠᠷ | ᠴᠠᠭ ᠦᠷᠭᠦᠯᠵᠢᠯᠡᠬᠦ ᠪᠣᠯᠤᠨ᠎ᠠ᠃ | ᠬᠠᠮᠤᠭ ᠤᠨ ᠦᠵᠡᠮᠦᠷᠢ ᠲᠠᠢ ᠲᠠᠯᠠᠪᠠᠢ ᠳᠤ ᠣᠷᠣᠬᠤ ᠮᠠᠶ᠋ᠢᠭ ᠤᠨ ᠶᠡᠷᠦᠩᠬᠡᠢ ᠣᠷᠣᠯᠴᠠᠭᠰᠠᠨ ᠬᠥᠮᠦᠨ ᠤ | ᠲᠤᠭ᠎ᠠ 1700 ᠭᠠᠷᠤᠢ ᠪᠤᠯᠵᠤ᠂ ᠶᠢᠰᠦᠨ ᠶᠡᠭᠡ ᠳᠥᠷᠪᠡᠯᠵᠢᠨ ᠵᠢᠭᠰᠠᠭᠠᠯ ᠢᠶᠠᠷ ᠪᠦᠷᠢᠯᠳᠦᠵᠡᠢ᠃ ᠡᠭᠦᠨ ᠳᠤ᠄ | ᠬᠠᠳᠠᠬ ᠤᠨ ᠵᠢᠭᠰᠠᠭᠠᠯ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠰ︾ ᠤᠨ ᠵᠢᠭᠰᠠᠭᠠᠯ᠂ ︽ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ | ᠪᠠᠶᠢᠭᠤᠯᠬᠤ︾ ᠶᠢᠨ ᠵᠢᠭᠰᠠᠭᠠᠯ᠂ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠬᠤ︾ | ᠶᠢᠨ ᠵᠢᠭᠰᠠᠭᠠᠯ᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠳᠡᠭᠦᠦ︾ ᠶᠢᠨ ᠵᠢᠭᠰᠠᠭᠠᠯ᠂ | ᠤᠯᠠᠭᠠᠨᠮᠥ᠋ᠴᠢᠷ ᠤᠨ ᠵᠢᠭᠰᠠᠭᠠᠯ᠂ ︽ᠬᠠᠮᠲᠤ ᠪᠠᠷ ᠰᠠᠬᠤᠯᠢᠭ ᠪᠠᠶᠢᠬᠤ︾ ᠠᠵᠤ ᠠᠬᠤᠶᠢᠯᠠᠯ ᠤᠨ ᠵᠢᠭᠰᠠᠭᠠᠯ᠂ | ᠨᠠᠭᠠᠳᠤᠮ ᠤᠨ ᠲᠠᠮᠢᠷᠴᠢᠳ ᠤᠨ ᠵᠢᠭᠰᠠᠭᠠᠯ᠂ ᠬᠤᠪᠢ ᠪᠠᠷ ᠢᠶᠠᠨ ᠵᠢᠯᠣᠭᠤᠳᠴᠤ ᠵᠤᠭᠠᠴᠠᠬᠤ ᠵᠢᠭᠰᠠᠭᠠᠯ᠃ | ᠳᠥᠷᠪᠡᠯᠵᠢᠨ ᠵᠢᠭᠰᠠᠭᠠᠯ ᠤᠨ ᠤᠷᠤᠭᠰᠢᠯᠠᠬᠤ ᠶᠠᠪᠤᠴᠠ ᠳᠤ᠂ ᠦᠵᠡᠭᠴᠢᠳ ᠰᠢ ᠶᠢᠨ ᠫᠢᠩ ᠶᠡᠷᠦᠩᠬᠡᠶ ᠱᠦᠵᠢ ᠶᠢᠨ | ᠥᠪᠥᠷ ᠮᠣᠩᠭᠤᠯ ᠢ ᠬᠠᠯᠠᠮᠵᠢᠯᠠᠨ ᠬᠠᠯᠠᠮᠵᠢᠯᠠᠵᠤ ᠪᠠᠶᠢᠬᠤ ᠪᠠ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠭᠦᠢᠴᠡᠳ | ᠮᠡᠳᠡᠷᠡᠵᠦ᠂ ᠥᠪᠥᠷ ᠮᠣᠩᠭᠤᠯ ᠤᠨ ᠥᠪᠡᠷᠮᠢᠴᠡ ᠣᠨᠴᠠᠯᠢᠭ ᠲᠠᠢ ᠭᠠᠵᠠᠷ ᠣᠷᠣᠨ ᠤ ᠵᠠᠩ ᠦᠢᠯᠡ ᠶᠢ ᠭᠦᠢᠴᠡᠳ | ᠣᠶᠢᠯᠠᠭᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠭᠦᠢᠴᠡᠳ ᠢᠯᠡᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠮᠰᠠᠷ ᠢ ᠦᠨᠡᠨᠬᠦ ᠴᠢᠩᠭᠠᠳᠬᠠᠬᠤ | ᠪᠣᠯᠤᠨ᠎ᠠ᠃ | ᠲᠣᠭᠯᠠᠯᠲᠠ ᠶᠢᠨ ᠭᠤᠭᠴᠤᠭ᠎ᠠ ᠳᠤ᠂ ᠳᠠᠭᠤᠤ ᠪᠥᠵᠢᠭ ᠤᠨ ᠲᠣᠭᠯᠠᠯᠲᠠ ᠠᠴᠠ ᠭᠠᠳᠠᠨ᠎ᠠ ᠪᠠᠰᠠ ᠲᠤᠮᠤ | ᠬᠡᠯᠪᠡᠷᠢ ᠶᠢᠨ ᠳᠠᠭᠤᠤ ᠬᠥᠭᠵᠢᠮ ᠤᠨ ᠮᠤᠷᠢᠨ ᠠᠩᠬᠢ ᠶᠢᠨ ᠲᠣᠭᠯᠠᠯᠲᠠ᠂ ᠮᠢᠩᠭᠠᠨ ᠬᠥᠮᠦᠨ ᠤ ᠬᠠᠮᠲᠤ ᠶᠢᠨ ᠳᠠᠭᠤᠤ | ᠪᠥᠵᠢᠭ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠰᠡᠳᠦᠪᠲᠦ ᠲᠠᠩᠭᠠᠷᠢᠭ ᠵᠡᠷᠭᠡ | ᠲᠦᠷᠦᠯ ᠵᠦᠢᠯ ᠪᠤᠢ᠃ | ᠡᠬᠢᠯᠡᠯᠲᠡ ᠶᠢᠨ ᠶᠣᠰᠣᠯᠠᠯ ᠤᠨ ᠦᠳᠡᠰᠢᠯᠡᠭᠡ ᠨᠢ ᠬᠢᠵᠠᠭᠠᠯᠠᠰᠢ ᠦᠭᠡᠢ ᠭᠤᠶᠢᠳᠠ ᠰᠠᠶᠢᠬᠠᠨ ᠵᠢᠯᠣᠭᠤᠴᠢ ᠦᠭᠡᠢ | ᠨᠢᠰᠬᠡᠯ ᠤᠨ ᠥᠨᠳᠥᠷ ᠣᠭᠲᠠᠷᠭᠤᠢ ᠶᠢᠨ ᠲᠣᠭᠯᠠᠯᠲᠠ + ᠯᠠᠶᠢᠰᠧᠷ ᠤᠨ ᠦᠵᠡᠭᠦᠯᠦᠯᠭᠡ ᠪᠠᠷ ᠡᠬᠢᠯᠡᠵᠦ᠂ | ᠦᠵᠡᠭᠴᠢᠳ ᠤᠨ ᠰᠠᠶᠢᠨ ᠮᠡᠳᠡᠳᠡᠭ ᠰᠢᠨ᠎ᠡ ᠦᠶ᠎ᠡ ᠶᠢᠨ ᠳᠠᠭᠤᠴᠢᠳ ᠰᠡᠳᠬᠢᠯ ᠤᠨ ᠤᠭ ᠠᠴᠠ ᠪᠠᠨ ᠬᠠᠪᠰᠤᠷᠴᠤ᠂ | ᠠᠯᠢ ᠤᠯᠠᠨ ᠰᠣᠩᠭᠤᠳᠠᠭ ᠬᠦᠭ ᠠᠶᠠᠰ ᠢ ᠬᠠᠩᠭᠢᠨᠠᠭᠤᠯᠬᠤ ᠪᠣᠯᠤᠨ᠎ᠠ᠃ | ᠲᠤᠰ ᠬᠤᠭᠤᠴᠠᠭᠠᠨ ᠤ ᠵᠤᠭᠠᠴᠠᠯ ᠤᠨ ᠨᠠᠭᠠᠳᠤᠮ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ | ᠪᠦᠬᠦ ᠶᠠᠪᠤᠴᠠ ᠳᠤ ᠤᠯᠠᠨ ᠨᠢᠰᠬᠡᠯ ᠤᠨ ᠪᠠᠶᠢᠷᠢ ᠶᠢ ᠰᠢᠩᠭᠡᠭᠡᠨ ᠦᠢᠯᠡᠳᠴᠦ᠂ ᠲᠤᠬᠠᠢ ᠶᠢᠨ ᠲᠠᠯᠠᠪᠠᠢ ᠳᠤ ︽ | ᠪᠠᠭᠠᠲᠤᠷ ᠳ᠋ᠠ ᠮᠤᠤ︾ ᠬᠠᠮ ᠵᠠᠭᠤᠴᠢᠯᠠᠭᠤᠷ ᠤᠨ ᠲᠠᠪᠴᠠᠩ ᠤᠨ ᠰᠢᠭᠤᠳ ᠨᠡᠪᠲᠡᠷᠡᠭᠦᠯᠭᠡ ᠵᠢᠴᠢ ᠲᠧᠩ ᠰᠢᠶᠦ᠋ᠨ᠂ | ᠰᠢᠨ ᠯᠠᠩ ᠵᠡᠷᠭᠡ ᠪᠤᠰᠤᠳ ᠰᠢᠨ᠎ᠡ ᠵᠠᠭᠤᠴᠢᠯᠠᠭᠤᠷ ᠤᠨ ᠲᠠᠪᠴᠠᠩ ᠤᠨ ᠤᠯᠠᠨ ᠨᠡᠪᠲᠡᠷᠡᠬᠦ ᠵᠠᠮ ᠢᠶᠠᠷ ᠰᠢᠭᠤᠳ | ᠨᠡᠪᠲᠡᠷᠡᠭᠦᠯᠬᠦ ᠶᠢᠨ ᠬᠠᠮᠲᠤ ᠬᠤᠷᠠᠯ ᠤᠨ ᠲᠠᠯᠠᠪᠠᠢ ᠶᠢᠨ ᠭᠠᠳᠠᠨᠠᠬᠢ ᠲᠡᠷᠢᠭᠦᠯᠡᠭᠴᠢ ᠶᠢᠨ ᠲᠠᠶᠢᠰᠠᠨ ᠤ ᠠᠷᠤ ᠲᠠᠯ᠎ᠠ ᠳᠤ | ᠲᠤᠮᠤ ᠳᠡᠯᠭᠡᠴᠡ᠂ ᠨᠡᠭᠦᠳᠡᠯ ᠸᠢᠳᠢᠣ᠋ ᠶᠢᠨ ᠲᠡᠷᠭᠡ ᠪᠠᠷ ᠰᠢᠭᠤᠳ ᠨᠡᠪᠲᠡᠷᠡᠭᠦᠯᠦᠨ᠎ᠡ᠃ | ᠨᠠᠩ ᠣᠯᠠᠨ ᠡᠬᠢᠯᠡᠯᠲᠡ ᠶᠢᠨ ᠶᠣᠰᠣᠯᠠᠯ ᠤᠨ ᠴᠤᠪᠤᠷᠠᠯ ᠤᠨ ᠨᠠᠷᠢᠨ ᠵᠦᠶ᠋ᠯᠡᠰ ᠵᠢᠴᠢ ᠡᠯ᠎ᠡ ᠵᠦᠶ᠋ᠯ ᠤᠨ | ᠪᠣᠳᠠᠲᠠᠶ ᠠᠵᠢᠯᠯᠠᠭ᠎ᠠ ᠶᠢᠨ ᠠᠭᠤᠯᠭ᠎ᠠ ᠶᠢ ᠤᠷᠢᠳᠴᠢᠯᠠᠨ ᠮᠡᠳᠡᠵᠦ᠂ ︽ᠪᠠᠭᠠᠲᠤᠷ ᠳ᠋ᠠ ᠮᠤᠤ︾ ᠸᠢᠴᠠᠲ ᠤᠨ | ᠨᠡᠶᠢᠲᠡ ᠶᠢᠨ ᠳ᠋ᠤᠭᠠᠷ ᠪᠠ ︽ᠪᠠᠭᠠᠲᠤᠷ ᠳ᠋ᠠ ᠮᠤᠤ︾ APP ᠶᠢ ᠠᠩᠬᠠᠷᠬᠤ ᠶᠢ ᠬᠦᠰᠡᠵᠦ ᠪᠠᠶᠢᠨ᠎ᠠ᠃ |