ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭᠠᠨᠬᠠᠳᠠ ᠰᠤᠮᠤᠨ ᠳᠤ ︽ᠤᠶᠤᠨᠳᠦ ᠷᠠᠳᠢᠤ᠋  ᠲᠧᠯᠸᠢᠰ︾ ᠤᠨ ᠦᠷᠭᠡᠨ ᠪᠦᠰᠡᠳᠦ ᠰᠦᠯᠵᠢᠶ᠎ᠡ ᠨᠡᠪᠳᠡᠷᠡᠯ᠎ᠡ
ᠨᠡᠶᠢᠲᠡᠯᠡᠭᠰᠡᠨ ᠴᠠᠭ᠄
2021/7/23
     ᠦᠪᠦᠷ ᠮᠤᠩᠭᠤᠯ ᠤᠨ ᠮᠠᠯᠵᠢᠬᠤ ᠤᠷᠤᠨ ᠤ ︽ᠤᠶᠤᠨᠳᠦ ᠷᠡᠳᠢᠤ᠋ ᠲᠧᠯᠸᠢᠰ︾ ᠤᠨ ᠦᠷᠭᠡᠨ ᠪᠦᠰᠡᠳᠦ ᠰᠦᠯᠵᠢᠶ᠎ᠡ ᠶᠢ ᠪᠦᠷᠬᠦᠬᠦᠯᠬᠦ ᠦᠢᠯᠡᠴᠢᠯᠡᠭᠡᠨ ᠤ  ᠢᠨᠵᠧᠨᠧᠷᠢᠭ ᠪᠤᠯ ᠪᠦᠳᠦᠭᠡᠨ ᠪᠠᠶᠢᠭᠤᠯᠤᠯᠳᠠ ᠶᠢᠨ ᠴᠢᠬᠤᠯᠠ ᠠᠭᠤᠯᠭ᠎ᠠ ᠪᠤᠯᠬᠤ ᠶᠤᠮ᠃ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠨᠢ ᠬᠤᠰᠢᠭᠤ ᠰᠢᠶᠠᠨ ᠳᠤ10000 ᠵᠤᠤ ᠂ ᠭᠠᠴᠠᠭ᠎ᠠ  ᠲᠤᠰᠬᠤᠨ ᠳᠤ100 ᠵᠤᠤ᠂ ᠮᠠᠯᠴᠢᠨ ᠠᠶᠢᠯ ᠳᠤ20 ᠵᠤᠤ ᠶᠢᠨ ᠬᠤᠷᠳᠤᠴᠠ ᠲᠠᠢ ᠤᠳᠠᠰᠤᠳᠦ  ᠲᠤᠬᠢᠶ᠎ᠠ ᠪᠠ ᠤᠳᠠᠰᠤ ᠦᠭᠡᠢ ᠲᠤᠬᠢᠶ᠎ᠠ ᠶᠢ ᠬᠠᠮᠳᠤᠷᠠᠭᠤᠯᠤᠭᠰᠠᠨ ᠦᠷᠭᠡᠨ ᠪᠦᠰᠡᠳᠦ ᠰᠦᠯᠵᠢᠶ᠎ᠡ ᠶᠢ ᠨᠡᠪᠳᠡᠷᠡᠭᠦᠯᠵᠦ᠂ ᠮᠠᠯᠴᠢᠨ ᠲᠦᠮᠡᠨ ᠳᠤ ᠤᠶᠤᠨ ᠰᠠᠨᠠᠭᠠᠨ ᠤ ᠱᠠᠭᠠᠷᠳᠠᠯᠭ᠎ᠠ᠂ ᠲᠤᠤᠷ ᠰᠦᠯᠵᠢᠶ᠎ᠡ ᠴᠢᠮᠡᠭᠡ ᠨᠡᠪᠳᠡᠷᠡᠭᠦᠯᠭᠡ ᠶᠢᠨ ᠱᠠᠭᠠᠡᠳᠠᠯᠭ᠎ᠠ ᠪᠤᠯᠤᠨ ᠨᠡᠩ ᠡᠯᠪᠡᠭ ᠪᠠᠶᠠᠯᠢᠭ ᠰᠤᠷᠠᠭ ᠵᠠᠩᠭᠢ ᠶᠢ ᠬᠠᠩᠭᠠᠵᠦ᠂ ᠮᠠᠯᠵᠢᠬᠤ ᠤᠷᠤᠨ ᠤ ᠠᠵᠦ ᠠᠬᠤᠢ   ᠶᠢᠨ ᠬᠦᠭᠵᠢᠯᠳᠡ ᠶᠢ  ᠠᠬᠢᠭᠤᠯᠵᠦ᠂ ᠮᠠᠯᠴᠢᠨ ᠲᠦᠮᠡᠨ ᠤ ᠬᠦᠷᠳᠡᠬᠡᠮᠵᠢ ᠶᠢᠨ ᠲᠦᠷᠦᠭᠳᠡᠯ ᠪᠤᠯᠤᠨ ᠵᠤᠯ ᠵᠢᠷᠭᠠᠯᠳᠦ ᠲᠦᠷᠦᠭᠳᠡᠯ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠶᠢᠨ ᠲᠦᠯᠦᠭᠡ ᠶᠤᠮ᠂ ᠦᠪᠦᠷ ᠮᠤᠩᠭᠤᠯ ᠤᠨ  ᠷᠠᠳᠢᠤ᠋ ᠲᠧᠯᠸᠢᠰ ᠲᠤᠤᠷ ᠰᠦᠯᠵᠢᠶᠡᠨ ᠤ ᠪᠦᠯᠦᠭᠯᠡᠯ ᠤᠨ ᠬᠢᠵᠠᠭᠠᠷᠳᠦ ᠺᠤᠮᠺᠠᠨᠢ ᠶᠢᠨ ᠲᠠᠷᠬᠠᠨ ᠮᠤᠤᠮᠢᠩᠭᠠᠨ ᠬᠤᠰᠢᠭᠤᠨ ᠳᠠᠬᠢ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠵᠦ᠂  ᠲᠧᠯᠸᠢᠰ ᠷᠠᠳᠢᠤ᠋ ᠲᠤᠤᠷ ᠰᠦᠯᠵᠢᠶ᠎ᠡ ᠶᠢ ᠬᠦᠳᠡᠭᠡ ᠲᠤᠰᠬᠤᠨ ᠳᠤ ᠨᠡᠶᠢᠳᠡᠮ ᠪᠦᠷᠬᠦᠬᠦᠯᠬᠦ ᠠᠵᠢᠯ   ᠢ ᠪᠤᠳᠠᠳᠠᠢ ᠨᠠᠶᠢᠳᠠᠪᠤᠷᠢᠵᠢᠭᠤᠯᠵᠦ ᠪᠤᠢ᠃ ᠤᠶᠢᠷ᠎ᠠ ᠳᠤ᠂ ᠺᠤᠮᠫᠠᠨᠢ ᠶᠢᠨ ᠠᠵᠢᠯᠳᠠᠨ ᠲᠤᠤᠷ ᠰᠦᠯᠵᠢᠶ᠎ᠡ ᠮᠠᠭᠤ᠂ ᠭᠠᠷ ᠤᠳᠠᠰᠤᠨ ᠤ ᠲᠤᠬᠢᠶ᠎ᠠ ᠮᠠᠭᠤ ᠪᠠᠶᠢᠳᠠᠭ ᠴᠠᠭᠠᠨᠬᠠᠳᠠ ᠰᠤᠮᠤᠨ ᠳᠤ ᠬᠦᠷᠴᠦ᠂ ︽ᠤᠶᠤᠨᠳᠦ ᠷᠠᠳᠢᠤ᠋ ᠲᠧᠯᠸᠢᠰ︾ ᠤᠨ ᠦᠡᠭᠡᠨ ᠪᠦᠰᠡᠳᠦ ᠰᠦᠯᠵᠢᠶ᠎ᠡ ᠲᠠᠭᠠᠷᠠᠭᠤᠯᠵᠦ ᠦᠭᠭᠦᠭᠰᠡᠨ ᠪᠠᠶᠢᠨ᠎ᠠ᠃      ᠮᠠᠯᠴᠢᠳ ᠡᠨᠡᠬᠦ ᠲᠦᠭᠦᠭᠦᠷᠦᠮᠵᠢ ᠶᠢ ᠠᠰᠢᠭᠯᠠᠨ ᠲᠧᠯᠸᠢᠰ ᠦᠵᠡᠵᠦ ᠤᠷᠤᠨ ᠨᠤᠳᠤᠭ ᠤᠨ ᠴᠢᠮᠡᠭᠡ ᠵᠠᠩᠭᠢ᠂ ᠲᠦᠷᠦ ᠶᠢᠨ ᠪᠤᠳᠤᠯᠭ᠎ᠠ ᠶᠢ ᠤᠶᠢᠯᠠᠭᠠᠵᠦ ᠲᠡᠶᠢᠯᠬᠦ ᠪᠠᠷ ᠪᠠᠷᠠᠬᠤ ᠦᠭᠡᠢ ᠭᠠᠷ ᠤᠳᠠᠰᠤᠨ ᠲᠡᠭᠡᠷ᠎ᠡ ᠪᠠᠨ ᠮᠠᠯ ᠠᠵᠦ ᠠᠬᠤᠢ ᠶᠢᠨ ᠰᠤᠷᠠᠭ ᠵᠠᠩᠭᠢ ᠵᠡᠷᠭᠡ ᠦᠢᠯᠡᠳᠪᠦᠷᠢᠯᠡᠯ ᠠᠮᠢᠳᠤᠷᠠᠯ ᠳᠤ ᠪᠠᠨ ᠠᠰᠢᠭᠳᠠᠢ ᠵᠦᠢᠯᠡᠰ ᠢ ᠡᠷᠢᠵᠦ ᠲᠡᠶᠢᠯᠬᠦ ᠪᠤᠯᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号