ᠵᠢᠶᠠ ᠪᠦᠦ ᠯᠢᠶᠠᠩ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/23
     
     7 ᠰᠠᠷ᠎ᠠ ᠶᠢᠨ 20 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠦᠵᠡᠭᠦᠯᠦᠯᠭᠡ ᠶᠢᠨ ᠬᠤᠷᠠᠯ ᠤᠨ ᠪᠡᠯᠡᠳᠬᠡᠯ ᠪᠠᠶᠢᠳᠠᠯ᠂ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠭᠦᠯᠦᠯᠲᠡ ᠶᠢᠨ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠥᠬᠡᠶ ᠠᠳᠬᠤᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠵᠣᠬᠢᠬᠤ ᠦᠷ᠎ᠡ ᠪᠦᠲᠦᠮᠵᠢ ᠤᠯᠬᠤ ᠶᠢ ᠠᠬᠢᠭᠤᠯᠪᠠ᠃ ᠭᠡᠪᠡᠴᠦ ᠠᠵᠢᠯ ᠢ ᠠᠬᠢᠭᠤᠯᠬᠤ ᠶᠠᠪᠤᠴᠠ ᠳᠤ ᠪᠠᠰᠠ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠠᠪᠠᠵᠤ ᠭᠦᠶ᠋ᠴᠡᠵᠦ ᠳᠠᠪᠠᠭ᠋ᠤ ᠤᠬᠠᠮᠰᠠᠷ ᠢ ᠪᠣᠶ ᠪᠣᠯᠭᠠᠵᠤ᠂ ᠥᠨᠳᠥᠷ ᠪᠠᠷᠢᠮᠵᠢᠶ᠎ᠠ ᠪᠠᠷ ᠠᠵᠢᠯ ᠶᠠᠪᠤᠳᠠᠯ ᠲᠥᠯᠥᠪᠯᠡᠵᠦ᠂ ᠥᠨᠳᠥᠷ ᠦᠷ᠎ᠡ ᠪᠦᠲᠦᠮᠵᠢ ᠲᠠᠢ ᠪᠠᠷ ᠠᠵᠢᠯ ᠶᠠᠪᠤᠳᠠᠯ ᠪᠦᠲᠦᠭᠡᠵᠦ ᠂ ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠥᠷᠥᠯ ᠵᠦᠶ᠋ᠯ ᠢ ᠨᠠᠶᠢᠳᠠᠪᠤᠷᠢᠵᠢᠭᠤᠯᠬᠤ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃      ᠬᠤᠷᠠᠯ ᠠᠴᠠ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠲᠤᠰ ᠭᠠᠵᠠᠷ ᠣᠷᠣᠨ ᠤ ᠬᠥᠭᠵᠢᠯᠲᠡ ᠶᠢᠨ ᠣᠳᠣᠬᠢ ᠪᠠᠶᠢᠳᠠᠯ᠂ ᠠᠵᠤ ᠦᠢᠯᠡᠰ ᠤᠨ ᠰᠠᠭᠤᠷᠢ ᠶᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ᠬᠥᠭᠵᠢᠯᠲᠡ ᠶᠢᠨ ᠳᠠᠪᠠᠭᠤᠯᠢᠭ ᠪᠠ ᠳᠤᠲᠠᠭᠤᠳᠠᠯ ᠪᠠᠭᠤᠷᠠᠢ ᠲᠠᠯ᠎ᠠ ᠶᠢ ᠲᠣᠳᠣᠷᠬᠠᠢ ᠣᠶᠢᠯᠠᠭᠠᠵᠤ᠂ ᠪᠠᠶᠢᠳᠠᠯ ᠢ ᠦᠨᠡᠨᠬᠦ ᠭᠦᠨᠵᠡᠭᠡᠢ ᠤᠢᠢᠯᠠᠭᠠᠨ ᠨᠡᠪᠳᠡᠷᠡᠳᠡᠯ᠎ᠠ ᠣᠶᠢᠯᠠᠭᠠᠵᠤ᠂ ᠳᠣᠲᠣᠷ᠎ᠠ ᠪᠠᠨ ᠲᠤᠭ᠎ᠠ ᠲᠠᠢ᠂ ᠬᠠᠷᠠᠯᠲᠠ ᠲᠠᠢ ᠪᠠᠷ ᠰᠤᠮᠤ ᠬᠠᠷᠪᠤᠬᠤ ᠬᠡᠷᠡᠭᠲᠡᠢ᠃ ᠴᠢᠭᠯᠡᠯ ᠬᠠᠷᠠᠯᠲᠠ ᠪᠠᠨ ᠲᠣᠳᠣᠷᠬᠠᠶᠢᠯᠠᠵᠤ᠂ ᠤᠯᠤᠰ ᠤᠨ ᠠᠵᠤ ᠦᠢᠯᠡᠰ ᠤᠨ ᠳᠦᠷᠦ ᠶᠢᠨ ᠪᠤᠳᠤᠯᠭ᠎ᠠ ᠶᠢᠨ ᠳᠤᠬᠢᠷᠠᠭᠤᠯᠤᠯᠳᠠ᠂ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ᠂ ᠠᠵᠢᠯ ᠳᠦᠷᠦᠯ ᠤᠨ ᠲᠥᠯᠥᠪᠵᠢᠭᠦᠯᠭᠡ ᠪᠠᠷ ᠤᠳᠤᠷᠢᠳᠤᠮᠵᠢ ᠪᠣᠯᠭᠠᠨ ᠳᠦᠷᠦᠯ ᠵᠦᠢᠯ ᠢ ᠲᠥᠯᠥᠪᠵᠢᠭᠦᠯᠵᠦ᠂ ᠳᠦᠷᠦᠯ ᠵᠦᠢᠯ ᠤᠨ ᠲᠥᠰᠦᠪᠯᠡᠯ ᠤᠨ ᠪᠠᠷᠠᠭᠠᠯᠬᠢᠯᠠᠯᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠭᠤᠣᠯᠳᠠᠯᠭ᠎ᠠ ᠶᠢ ᠳᠤᠪᠤᠶᠢᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠣᠯᠤᠨ ᠪᠣᠭᠤᠮᠲᠠ ᠶᠢᠨ ᠪᠦᠳᠦᠬᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠣᠭᠤᠷᠢᠨ ᠳᠤ᠂ ᠲᠤᠮᠤ ᠳᠦᠷᠦᠯ ᠵᠦᠢᠯ᠂ ᠰᠠᠶᠢᠨ ᠳᠦᠷᠦᠯ ᠵᠦᠢᠯ᠂ ᠰᠢᠨ᠎ᠡ ᠳᠦᠷᠦᠯ ᠵᠦᠢᠯ ᠢ ᠣᠷᠣᠭᠤᠯᠤᠨ ᠠᠪᠴᠢᠷᠠᠵᠤ᠂ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠯ ᠢ ᠴᠢᠩᠭᠠᠳᠬᠠᠵᠤ᠂ ᠰᠣᠶᠣᠯ ᠵᠤᠭᠠᠴᠠᠯ ᠤᠨ ᠦᠢᠯᠡᠰ᠂ ᠲᠠᠷᠢᠶᠠᠯᠠᠩ ᠮᠠᠯ ᠠᠵᠤ ᠠᠬᠤᠢ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠴᠢᠳᠠᠪᠤᠷᠢ ᠪᠠᠨ ᠲᠦᠷᠭᠡᠨ ᠳᠡᠭᠡᠭᠰᠢᠯᠡᠭᠦᠯᠵᠦ᠂ ᠲᠦᠷᠦᠭᠦᠯᠡᠨ ᠵᠣᠯᠭᠠᠭᠤᠯᠵᠤ ᠴᠢᠷᠮᠠᠶᠢᠨ ᠲᠡᠮᠡᠴᠡᠵᠦ᠂ ᠪᠣᠳᠠᠲᠠᠢ ᠠᠳᠬᠤᠨ ᠬᠤᠯᠪᠣᠭᠠᠯᠠᠵᠤ ᠬᠠᠪᠰᠤᠷᠤᠨ ᠲᠡᠳᠬᠦᠵᠦ᠂ ᠠᠵᠤ ᠠᠬᠤᠶᠢᠯᠠᠯ ᠳᠤ ᠢᠳᠡᠪᠬᠢᠲᠡᠢ ᠦᠢᠯᠡᠴᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号