| 7 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠤ ᠣᠷᠣᠯᠠᠭᠴᠢ ᠳᠠᠷᠤᠭ᠎ᠠ ᠱᠢ ᠵᠥᠩ ᠴᠢᠨ ᠥᠪᠥᠷ ᠮᠣᠩᠭᠤᠯ ᠤᠨ 31 ᠳ᠋ᠦᠭᠡᠷ | ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠶᠡᠭᠡ ᠬᠤᠷᠠᠯ ᠵᠢᠴᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ 8 ᠳ᠋ᠤᠭᠠᠷ ᠬᠤᠭᠤᠴᠠᠭᠠᠨ ᠤ ᠨᠡᠭᠦᠳᠡᠯ ᠰᠣᠶᠣᠯ ᠤᠨ ᠵᠢᠭᠤᠯᠴᠢᠯᠠᠯ ᠤᠨ ᠪᠠᠶᠠᠷ ᠤᠨ ᠭᠦᠶ᠋ᠴᠡᠳᠬᠡᠬᠦ | ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠠᠵᠢᠯᠯᠠᠬᠤ ᠳᠤᠭᠤᠶᠢᠯᠠᠩ ᠤᠨ ᠪᠡᠯᠡᠳᠬᠡᠯ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰ ᠬᠤᠭᠤᠴᠠᠭᠠᠨ ᠤ ᠨᠠᠭᠠᠳᠤᠮ ᠤᠨ ᠬᠤᠷᠠᠯ ᠢ ᠰᠠᠶᠢᠲᠤᠷ | ᠡᠷᠬᠢᠯᠡᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ | ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ︽ᠲᠡᠷᠢᠭᠦᠨ ᠵᠡᠷᠭᠡ ᠶᠢᠨ ᠪᠠᠷᠢᠮᠵᠢᠶ᠎ᠠ ᠶᠢ | ᠬᠡᠷᠡᠭᠵᠢᠭᠦᠯᠬᠦ᠂ ᠲᠡᠷᠢᠭᠦᠨ ᠵᠡᠷᠭᠡ ᠶᠢᠨ ᠦᠢᠯᠡᠴᠢᠯᠡᠭᠡ ᠬᠠᠩᠭᠠᠬᠤ᠂ ᠲᠡᠷᠢᠭᠦᠨ ᠵᠡᠷᠭᠡ ᠶᠢᠨ ᠣᠷᠴᠢᠨ ᠲᠣᠭᠤᠷᠢᠨ ᠢ | ᠳᠡᠯᠭᠡᠨ ᠦᠵᠡᠭᠦᠯᠬᠦ᠂ ᠲᠡᠷᠢᠭᠦᠨ ᠵᠡᠷᠭᠡ ᠶᠢᠨ ᠠᠭᠤᠷ ᠠᠮᠢᠰᠬᠤᠯ ᠢ ᠪᠤᠢ ᠪᠣᠯᠭᠠᠬᠤ︾ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠫᠷᠤᠭ᠍ᠷᠠᠮ ᠲᠥᠰᠦᠪᠯᠡᠬᠦ᠂ ᠶᠡᠭᠡ ᠬᠤᠷᠠᠯ ᠢᠶᠠᠷ ᠵᠣᠬᠢᠶᠠᠨ ᠪᠠᠶᠢᠭᠤᠯᠬᠤ᠂ | ᠵᠤᠭᠠᠴᠠᠭᠰᠠᠳ ᠲᠤ ᠦᠢᠯᠡᠴᠢᠯᠡᠬᠦ᠂ ᠠᠮᠤᠷ ᠲᠦᠪᠰᠢᠨ ᠢ ᠪᠠᠲᠤᠯᠠᠬᠤ ᠵᠡᠷᠭᠡ ᠪᠡᠯᠡᠳᠬᠡᠯ ᠠᠵᠢᠯ ᠢ ᠨᠠᠷᠢᠨ ᠬᠢᠨᠠᠮᠠᠭᠠᠢ | ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠲᠤᠰ ᠬᠤᠭᠤᠴᠠᠭᠠᠨ ᠤ | ᠨᠠᠭᠠᠳᠤᠮ ᠤᠨ ᠶᠡᠭᠡ ᠬᠤᠷᠠᠯ ᠢ ᠭᠤᠣᠯ ᠰᠡᠳᠦᠪ ᠢᠶᠠᠷ ᠢᠯᠡ ᠲᠣᠳᠣ᠂ ᠥᠪᠡᠷᠮᠢᠴᠡ ᠣᠨᠴᠠᠯᠢᠭ ᠲᠠᠢ ᠦᠪᠡᠳᠡᠭᠰᠢ | ᠴᠤᠭᠯᠠᠭᠠᠨ ᠪᠣᠯᠭᠠᠨ ᠪᠠᠶᠢᠭᠤᠯᠬᠤ ᠬᠡᠷᠡᠭᠲᠡᠢ᠃ | | ᠬᠤᠷᠠᠯ ᠠᠴᠠ᠂ ᠨᠢᠭᠲᠠ ᠠᠴᠠ ᠨᠢᠭᠲᠠ ᠪᠠᠶᠢᠬᠤ ᠶᠢ ᠪᠠᠷᠢᠮᠲᠠᠯᠠᠵᠤ᠂ ᠭᠤᠭᠴᠤᠭ᠎ᠠ ᠨᠢᠭᠡᠪᠦᠷᠢ ᠶᠢ ᠰᠠᠶᠢᠲᠤᠷ | ᠠᠳᠬᠤᠵᠤ᠂ ᠠᠷᠭ᠎ᠠ ᠬᠡᠮᠵᠢᠶ᠎ᠡ ᠨᠢᠭᠡᠪᠦᠷᠢ ᠶᠢ ᠪᠣᠳᠠᠲᠠᠢ ᠠᠳᠬᠤᠵᠤ᠂ ᠴᠠᠭ ᠲᠤᠬᠠᠢ ᠳᠤᠨᠢ ᠳᠤᠲᠠᠭᠤ ᠶᠢ ᠪᠠᠶᠢᠴᠠᠭᠠᠨ | ᠨᠥᠬᠦᠪᠥᠷᠢᠯᠡᠵᠦ᠂ ᠪᠡᠯᠡᠳᠬᠡᠯ ᠠᠵᠢᠯ ᠤᠨ ᠡᠭᠦᠷᠭᠡ ᠪᠠᠨ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ᠂ ᠥᠨᠳᠥᠷ | ᠦᠷ᠎ᠡ ᠪᠦᠲᠦᠮᠵᠢᠲᠡᠢ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯᠳᠠᠯᠭ᠎ᠠ ᠲᠠᠢ | ᠭᠤᠭᠴᠤᠭ᠎ᠠ ᠶᠢ ᠴᠢᠩᠭ᠎ᠠ ᠠᠩᠬᠠᠷᠴᠤ᠂ ᠠᠮᠤᠷ ᠲᠦᠪᠰᠢᠨ ᠢ ᠪᠠᠲᠤᠯᠠᠬᠤ᠂ ᠵᠠᠬᠢᠳᠠᠯ ᠰᠤᠷᠪᠤᠯᠵᠢᠯᠠᠭ᠎ᠠ ᠪᠠᠷ | ᠲᠣᠭᠲᠠᠭᠤᠨ ᠢ ᠬᠠᠮᠠᠭᠠᠯᠠᠬᠤ᠂ ᠦᠢᠯᠡᠴᠢᠯᠡᠭᠡ ᠶᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠰᠠᠶᠢᠨ ᠰᠠᠶᠢᠬᠠᠨ ᠭᠠᠳᠠᠭᠠᠳᠤ ᠣᠷᠴᠢᠨ ᠢ ᠢᠳᠡᠪᠬᠢᠲᠡᠢ ᠪᠤᠢ ᠪᠣᠯᠭᠠᠬᠤ | ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠣᠳᠠᠲᠤ ᠳᠠᠶᠢᠨ ᠤ ᠪᠠᠶᠢᠳᠠᠯ ᠳᠤ ᠲᠦᠷᠭᠡᠨ | ᠣᠷᠣᠵᠤ᠂ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ | ᠶᠠᠪᠤᠳᠠᠯ ᠬᠢᠵᠦ᠂ ᠶᠡᠭᠡ ᠬᠤᠷᠠᠯ ᠤᠨ ᠤᠷᠤᠭᠰᠢᠲᠠᠢ ᠬᠤᠷᠠᠯᠳᠤᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ |