ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠦᠨ ᠭᠠᠩ ᠨᠠᠷ ᠮᠠᠨ ᠤ ᠬᠤᠰᠢᠭᠤᠨ ᠳᠤ ᠢᠷᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠳᠠᠳ ᠲᠡᠷᠢᠭᠦᠯᠡᠭᠴᠢ ᠶᠦᠨ ᠭᠠᠩ ᠨᠠᠷ ᠮᠠᠨ ᠤ ᠬᠤᠰᠢᠭᠤᠨ ᠳᠤ ᠬᠦᠢᠷᠴᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠪᠤᠢ ᠪᠣᠯᠭᠠᠬᠤ ᠠᠵᠢᠯ ᠢ ᠪᠦᠭᠦ ᠲᠠᠯ᠎ᠠ ᠪᠠᠷ ᠬᠦᠢᠠᠵᠠᠭᠡᠢ ᠤᠳᠠᠭᠠᠨ ᠳᠠᠭᠠᠭᠠᠮᠠᠭᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠭᠰᠠᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠣᠳᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠪᠦᠦ ᠸᠤᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠠ ᠷᠧᠨ ᠭᠤᠸᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠠᠮ ᠵᠠᠭᠤᠴᠢᠯᠠᠭᠤᠷ ᠤᠨ ᠲᠥᠪ᠂ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠳᠤᠯᠤᠭᠠᠨ ᠨᠡᠶᠢᠭᠡᠮ ᠲᠣᠭᠤᠷᠢᠭ᠂ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠬᠥᠰᠢ᠊ ᠡᠶ᠎ᠡ᠂ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠲᠢᠩᠬᠢᠮ᠂ ᠤᠯᠠᠭᠠᠨᠮᠥ᠋ᠴᠢᠷ᠂ ᠮᠣᠩᠭᠤᠯ ᠦᠨᠳᠦᠰᠦᠲᠡᠨ ᠤ ᠰᠤᠷᠭᠠᠭᠤᠯᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠤᠯᠪᠣᠭᠳᠠᠯ ᠪᠦᠬᠦᠢ ᠠᠵᠢᠯ ᠤᠨ ᠲᠠᠨᠢᠯᠴᠠᠭᠤᠯᠭ᠎ᠠ ᠶᠢ ᠰᠣᠨᠣᠰᠴᠠᠢ᠃
      ᠶᠠᠷᠢᠯᠴᠠᠬᠤ ᠬᠤᠷᠠᠯ ᠳᠡᠭᠡᠷ᠎ᠡ᠂ ᠸᠠᠩ ᠪᠦᠦ ᠸᠤᠨ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠪᠠᠶᠢᠳᠠᠯ ᠤᠨ ᠲᠤᠬᠠᠶ ᠠᠵᠢᠯ ᠤᠨ ᠬᠠᠷᠢᠭᠤ ᠮᠡᠳᠡᠭᠦᠯᠦᠯᠲᠡ ᠬᠢᠪᠠ᠃ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠢᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠬᠡᠷᠬᠢᠨ ᠠᠬᠢᠭᠤᠯᠬᠤ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠰᠠᠨᠠᠯ ᠰᠠᠨᠠᠭᠤᠯᠭ᠎ᠠ ᠳᠤᠷᠠᠳᠴᠠᠶ᠃
      ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠶᠦᠨᠭᠠᠩ ᠭᠠᠷᠠᠮ ᠤᠨ ᠬᠢᠨ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠶ᠋ᠴᠡᠳ ᠨᠤᠲᠠᠯᠠᠬᠤ ᠶᠢᠨ ᠬᠠᠮᠲᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠯᠤᠰ ᠲᠥᠷᠥ ᠶᠢᠨ ᠤᠬᠠᠮᠰᠠᠷ ᠢᠶᠠᠨ ᠪᠠᠲᠤᠳᠬᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠦᠵᠡᠯ ᠰᠠᠨᠠᠭᠠᠨ ᠤ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠪᠠᠨ ᠴᠢᠨᠠᠭᠰᠢᠳᠠ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯᠯᠠᠭ᠎ᠠ ᠶᠢᠨ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠶ ᠡᠯ᠎ᠡ ᠵᠦᠢᠯ ᠤᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠵᠤ᠂ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ᠂ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号