ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠬᠠᠷᠢᠭᠤᠴᠠᠬᠤ ᠶᠡᠭᠡ ᠬᠤᠷᠠᠯ ᠬᠤᠷᠠᠯᠳᠤᠬᠤ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 23 ᠤ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠶᠡᠭᠡ ᠬᠤᠷᠠᠯ  ᠬᠤᠷᠠᠯᠳᠤᠪᠠ᠃
      ᠪᠤᠭᠤᠲᠤ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠠᠬᠠᠯᠠᠬᠤ ᠬᠤᠷᠠᠩᠳᠠ ᠶᠢᠨ ᠤᠯᠤᠰ ᠲᠥᠷᠥ ᠶᠢᠨ ᠭᠡᠰᠢᠭᠦᠨ ᠯᠢᠦ ᠱᠢ ᠵᠧᠩ᠂ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠤᠨ ᠬᠤᠷᠠᠩᠳᠠ ᠶᠢᠨ ᠡᠷᠬᠢᠯᠡᠭᠴᠢ ᠯᠢᠦ ᠭᠦᠸᠧ ᠶᠦᠩ᠂ ᠬᠤᠰᠢᠭᠤᠨ ᠤ ᠳᠥᠷᠪᠡᠨ ᠢᠵᠢ ᠪᠠᠭ ᠤᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠤᠯᠭ᠎ᠠ ᠶᠢᠨ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠵᠤ ᠵᠠᠨ ᠭᠦᠸᠧ ᠬᠤᠷᠠᠯ ᠡᠷᠭᠢᠯᠡᠪᠡ᠃
      ᠬᠤᠷᠠᠯ ᠳᠡᠭᠡᠷ᠎ᠡ᠂ ᠯᠢᠦ ᠱᠢ ᠵᠧᠩ ᠳᠠᠷᠬᠠᠨ ᠮᠤᠤᠮᠢᠩᠭᠠᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠨᠠᠮ ᠤᠨ ᠳᠣᠲᠣᠭᠠᠳᠤ ᠳᠤ ᠲᠤᠰᠢᠶᠠᠯ ᠬᠠᠷᠢᠭᠤᠴᠠᠬᠤ ᠵᠠᠷᠯᠢᠭ ᠢ ᠤᠩᠰᠢᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠢ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠪᠠᠷ ᠲᠣᠮᠢᠯᠠᠬᠤ ᠪᠠᠷ ᠲᠣᠭᠲᠠᠭᠰᠠᠨ ᠪᠥᠭᠡᠳ ᠲᠣᠮᠢᠯᠠᠯᠲᠠ ᠶᠢᠨ ᠪᠢᠴᠢᠭ ᠭᠠᠷᠳᠠᠭᠤᠯᠵᠠᠢ᠃
      ᠵᠢᠶᠠ ᠪᠦᠦ ᠯᠢᠶᠠᠩ ᠲᠤᠰᠢᠶᠠᠯ ᠳᠤ ᠭᠠᠷᠬᠤ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠂ ᠲᠡᠷᠡ ᠪᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠵᠤ᠂ ᠡᠭᠦᠷᠭᠡ ᠦᠩᠬᠡ ᠬᠡᠷᠡᠯᠳᠡᠢ ᠪᠥᠭᠡᠳ ᠬᠠᠷᠢᠭᠤᠴᠠᠯᠭ᠎ᠠ ᠬᠦᠨᠳᠦ ᠭᠡᠳᠡᠭ ᠢ ᠭᠦᠨᠵᠡᠭᠡᠢ ᠮᠡᠳᠡᠷᠡᠵᠦ᠂ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠲᠣᠭᠲᠠᠭᠠᠯ ᠢ ᠪᠦᠷᠢᠮᠦᠰᠦᠨ ᠬᠦᠷᠢᠶᠡᠯᠡᠵᠦ᠂ ᠡᠷᠡᠰ ᠲᠠᠭᠠᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ︽ᠪᠤᠤᠬᠢ᠊ ᠡᠶ᠎ᠡ︾ ᠶᠢ ᠰᠠᠶᠢᠲᠤᠷ ᠳᠤᠰᠴᠤ ᠪᠠᠶᠢᠨ᠎ᠠ ᠭᠡᠵᠦ ᠢᠯᠡᠳᠬᠡᠪᠡ᠃ ᠬᠤᠶᠢᠰᠢᠳᠠ ᠶᠢᠨ ᠠᠵᠢᠯ ᠤᠨ ᠳᠤᠮᠳᠠ ᠪᠠᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠵᠢᠴᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠰᠢᠷᠢᠰ ᠬᠠᠤᠯᠢ ᠲᠣᠭᠲᠠᠭᠠᠯ ᠲᠦᠷᠢᠮ ᠢ ᠭᠦᠨᠵᠡᠭᠡᠶ ᠰᠤᠷᠤᠯᠴᠠᠵᠤ᠂ ᠴᠢᠬᠤᠯᠠ ᠡᠭᠦᠷᠭᠡ ᠶᠢ ᠴᠢᠩᠭ᠎ᠠ ᠠᠩᠬᠠᠷᠴᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠡᠷᠡᠰ ᠰᠠᠶᠢᠲᠤᠷ ᠠᠳᠬᠤᠨ᠎ᠠ᠃ ᠮᠠᠨ ᠤ ᠬᠤᠰᠢᠭᠤᠨ ᠤ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ᠪᠠᠶᠢᠳᠠᠯ ᠤᠨ ᠳᠣᠤᠷᠠᠬᠢ ᠵᠡᠪᠰᠡᠭᠲᠦ ᠬᠦᠴᠦᠨ ᠤ ᠠᠵᠢᠯ ᠤᠨ ᠣᠨᠴᠠᠯᠢᠭ ᠢ ᠢᠳᠡᠪᠬᠢᠲᠡᠶ ᠰᠦᠪᠡᠭᠴᠢᠯᠡᠵᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠰᠠᠶᠢᠲᠤᠷ ᠠᠳᠬᠤᠵᠤ᠂ ᠮᠠᠨ ᠤ ᠬᠤᠰᠢᠭᠤᠨ ᠤ ᠬᠤᠪᠢᠰᠬᠠᠯ ᠤᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠮᠠᠨ ᠤ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠳᠠᠷᠬᠠᠨ ᠮᠤᠤᠮᠢᠩᠭᠠᠨ ᠬᠤᠰᠢᠭᠤᠨ ᠤ ᠵᠡᠪᠰᠡᠭᠲᠦ ᠬᠦᠴᠦᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ᠃      ᠯᠢᠦ ᠱᠢ ᠵᠧᠩ ᠵᠢᠶᠠ ᠪᠦᠦ ᠯᠢᠶᠠᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠡᠷᠡᠴᠢᠯᠡᠨ ᠤᠢᠢᠷ᠎ᠠ ᠶᠢᠨ ᠵᠢᠯ ᠠᠴᠠ ᠨᠠᠰᠢᠬᠢ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠵᠡᠪᠰᠡᠭᠲᠦ ᠬᠦᠴᠦᠨ ᠢ ᠬᠠᠮᠢᠶᠠᠷᠬᠤ ᠠᠵᠢᠯ ᠳᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠪᠦᠬᠦ ᠲᠠᠯ᠎ᠠ ᠶᠢᠨ ᠤᠳᠤᠷᠢᠳᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠠᠵᠢᠯ ᠢ ᠦᠨᠡᠨᠬᠦ ᠦᠷ᠎ᠡ ᠪᠦᠲᠦᠮᠵᠢ ᠲᠠᠢ ᠠᠳᠬᠤᠬᠤ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠡᠯᠡᠳᠬᠡᠯ ᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠤᠪᠢᠰᠬᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠦᠬᠦ ᠲᠠᠯ᠎ᠠ ᠪᠠᠷ ᠠᠬᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠰᠠᠶᠢᠲᠤᠷ ᠤᠯᠠᠮᠵᠢᠯᠠᠨ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢ ᠶᠡᠬᠡᠪᠡᠷ ᠬᠠᠯᠠᠮᠵᠢᠯᠠᠨ ᠳᠡᠮᠵᠢᠬᠦ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号