ᠵᠢᠶᠠ ᠪᠦᠦ ᠯᠢᠶᠠᠩ 2021 ᠣᠨ ᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ 2021 ᠣᠨ ᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠵᠥᠪᠯᠡᠯ ᠤᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭᠠᠨ ᠤ ᠲᠤᠬᠠᠶ ᠬᠠᠮᠢᠶ᠎ᠠ ᠪᠦᠭᠦᠢ ᠥᠭᠦᠯᠡᠯᠲᠡ ᠶᠢ ᠤᠯᠠᠮᠵᠢᠯᠠᠨ ᠰᠤᠷᠤᠯᠴᠠᠪᠠ᠃ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ  ᠬᠤᠷᠢᠶ᠎ᠠ ᠵᠡᠪᠰᠡᠭᠲᠦ ᠬᠦᠴᠦᠨ ᠤ ᠠᠵᠢᠯ ᠤᠨ ᠠᠵᠢᠯ ᠤᠨ ᠮᠡᠳᠡᠭᠦᠯᠦᠯᠲᠡ ᠬᠢᠨ᠎ᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠰᠢᠭᠤᠨ ᠤ ᠨᠠᠮ ᠤᠨ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠪᠠᠶᠢᠳᠠᠯ ᠳᠤ ᠵᠠᠳᠠᠯᠤᠯᠲᠠ ᠬᠢᠵᠦ᠂ ᠨᠠᠮ ᠤᠨ ᠵᠡᠪᠰᠡᠭᠲᠦ ᠬᠦᠴᠦᠨ ᠢ ᠬᠠᠮᠢᠶᠠᠷᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠠᠮᠢᠶ᠎ᠠ ᠪᠥᠬᠦᠶ ᠠᠰᠠᠭᠤᠳᠠᠯ ᠢ ᠰᠤᠳᠤᠯᠤᠨ ᠰᠢᠶ᠋ᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠢᠶᠠ ᠪᠦᠦ ᠯᠢᠶᠠᠩ ᠬᠤᠷᠠᠯ ᠢ ᠡᠷᠭᠢᠯᠡᠪᠡ᠃
      ᠬᠤᠷᠠᠯ ᠠᠴᠠ᠂ ᠦᠵᠡᠯ ᠰᠠᠨᠠᠭᠠᠨ ᠤ ᠲᠠᠨᠢᠯᠲᠠ ᠪᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢ ᠴᠢᠩᠭᠠᠳᠬᠠᠬᠤ ᠨᠢ ᠤᠯᠤᠰ ᠤᠨ ᠠᠮᠤᠷ ᠲᠦᠪᠰᠢᠨ᠂ ᠬᠥᠭᠵᠢᠯᠲᠡ ᠪᠣᠯᠤᠨ ᠲᠣᠭᠲᠠᠭᠤᠨ ᠳᠤ ᠬᠤᠯᠪᠣᠭᠳᠠᠬᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ᠃ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠴᠡᠷᠢᠭ ᠤᠨ ᠬᠡᠷᠡᠭᠯᠡᠭᠡ ᠶᠢ ᠠᠷᠠᠳ ᠤᠨ ᠬᠡᠷᠡᠭᠯᠡᠭᠡ ᠳᠤ ᠣᠷᠣᠭᠤᠯᠬᠤ᠂ ᠠᠷᠠᠳ ᠤᠨ ᠬᠡᠷᠡᠭᠯᠡᠭᠡ ᠶᠢ ᠴᠡᠷᠢᠭ ᠲᠤ ᠣᠷᠣᠭᠤᠯᠬᠤ ᠶᠢ ᠠᠬᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢᠨ ᠡᠬᠢ ᠪᠠᠶᠠᠯᠢᠭ ᠢ ᠬᠤᠣᠰ ᠴᠢᠭᠯᠡᠯ ᠢᠶᠠᠷ ᠰᠢᠯᠵᠢᠭᠦᠯᠬᠦ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠤᠯᠤᠰ ᠠᠷᠠᠳ ᠤᠨ ᠠᠵᠤ ᠠᠬᠤᠢ ᠶᠢᠨ ᠬᠠᠷᠢᠯᠴᠠᠨ ᠲᠤᠯᠭᠠᠭᠤᠷᠢᠯᠠᠬᠤ ᠦᠢᠯᠡᠳᠦᠯ ᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠬᠠᠷᠢᠭᠤᠴᠠᠯᠭ᠎ᠠ ᠶᠢᠨ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠵᠠᠰᠠᠭ ᠴᠡᠷᠢᠭ ᠤᠨ ᠰᠠᠯᠠᠭ᠎ᠠ ᠮᠥᠴᠢᠷ ᠤᠨ ᠬᠦᠴᠦ ᠪᠠᠨ ᠬᠠᠮᠲᠤᠳᠬᠠᠨ ᠠᠳᠬᠤᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠰᠠᠭᠤᠭ᠎ᠠ ᠭᠠᠵᠠᠷ ᠤᠨ ᠴᠡᠷᠢᠭ ᠠᠩᠬᠢ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠳᠠᠰᠤᠷᠠᠯᠳᠠ ᠦᠬᠡᠢ ᠭᠦᠨᠵᠡᠭᠡᠶᠢᠷᠡᠭᠦᠯᠵᠦ᠂ ᠴᠡᠷᠢᠭ ᠠᠩᠬᠢ ᠶᠢᠨ ᠪᠠᠶᠢᠭᠤᠯᠤᠯᠲᠠ ᠪᠣᠯᠤᠨ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠪᠣᠳᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠢᠳᠡᠪᠬᠢᠲᠡᠢ ᠠᠵᠢᠯᠯᠠᠬᠤ ᠶᠢ ᠤᠷᠢᠳᠴᠢᠯᠠᠨ ᠲᠥᠯᠥᠪᠵᠢᠭᠦᠯᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠡᠢ᠃       ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ᠂ ᠬᠤᠰᠢᠭᠤᠨ ᠳᠤ ᠰᠠᠭᠤᠭ᠎ᠠ ᠡᠯ᠎ᠡ ᠴᠡᠷᠢᠭ ᠠᠩᠭᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号