ᠲᠠᠷᠬᠠᠨ ᠮᠤᠤᠮᠢᠩᠭᠠᠨ ᠬᠤᠯᠪᠭᠠᠳᠦ ᠬᠤᠰᠢᠭᠤᠨ ᠤ ᠴᠠᠭᠠᠨᠬᠠᠳᠠ ᠰᠤᠮᠤᠨ ᠳᠤ ︽ᠤᠶᠤᠨᠳᠦ ᠷᠡᠳᠢᠤ᠋ ᠲᠧᠯᠸᠢᠰ ︾ ᠤᠨ  ᠦᠷᠭᠡᠨ ᠪᠦᠰᠡᠳᠦ ᠰᠦᠯᠵᠢᠶ᠎ᠡ ᠨᠡᠪᠳᠡᠷᠡᠯ᠎ᠡ
ᠨᠡᠶᠢᠲᠡᠯᠡᠭᠰᠡᠨ ᠴᠠᠭ᠄
2021/7/28
     ᠦᠪᠦᠷ ᠮᠤᠩᠭᠤᠯ ᠤᠨ ᠮᠠᠯᠵᠢᠬᠤ ᠤᠷᠤᠨ ᠤ ︽ᠤᠶᠤᠨᠳᠦ ᠷᠠᠳᠢᠤ᠋ ᠲᠧᠯᠸᠢᠰ︾ ᠤᠨ ᠦᠷᠭᠡᠨ ᠪᠦᠰᠡᠳᠦ ᠰᠦᠯᠵᠢᠶ᠎ᠡ ᠶᠢ ᠪᠦᠷᠬᠦᠭᠦᠯᠬᠦ ᠦᠢᠯᠡᠴᠢᠯᠡᠭᠡᠨ ᠤ ᠢᠨᠵᠧᠨᠧᠷᠢᠭ ᠪᠤᠯ ᠦᠪᠡᠷᠳᠡᠭᠡᠨ ᠵᠠᠰᠠᠬᠤ ᠤᠷᠤᠨ ᠤ ᠮᠠᠯᠵᠢᠬᠤ ᠤᠷᠤᠨ ᠤ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠶᠢᠨ ᠴᠢᠬᠤᠯ᠎ᠠ ᠠᠭᠤᠯᠭ᠎ᠠ ᠪᠤᠯᠬᠤ ᠶᠤᠮ᠃ ᠢᠨᠵᠧᠨᠧᠷᠢᠭ  ᠤᠨ ᠪᠦᠳᠦᠭᠡᠨ ᠪᠠᠶᠢᠭᠤᠯᠤᠯᠳᠠ ᠨᠢ ᠬᠤᠰᠢᠭᠤ ᠰᠢᠶᠠᠨ ᠳᠤ10000 ᠵᠤᠤ᠂ ᠭᠠᠴᠠᠭ᠎ᠠ ᠲᠤᠰᠬᠤᠨ ᠳᠤ100 ᠵᠤᠤ᠂ ᠮᠠᠯᠴᠢᠨ ᠠᠶᠢᠯ ᠳᠤ20 ᠵᠤᠤ ᠶᠢᠨ ᠬᠤᠷᠳᠤᠴᠠ ᠲᠠᠢ ᠤᠳᠠᠰᠤᠳᠦ ᠲᠤᠬᠢᠶ᠎ᠠ ᠪᠠ ᠤᠳᠠᠰᠦ ᠦᠭᠡᠢ ᠲᠤᠬᠢᠶ᠎ᠠ ᠶᠢ ᠬᠠᠮᠳᠤᠷᠠᠭᠤᠯᠤᠭᠰᠠᠨ ᠦᠷᠭᠡᠨ ᠪᠦᠰᠡᠳᠦ ᠰᠦᠯᠵᠢᠶ᠎ᠡ ᠶᠢ ᠨᠠᠪᠳᠡᠷᠡᠭᠦᠯᠵᠦ᠂ ᠮᠠᠯᠴᠢᠨ ᠲᠦᠮᠡᠨ ᠳᠤ ᠤᠶᠤᠨ ᠰᠠᠨᠠᠭᠠᠨ  ᠤ ᠱᠠᠭᠠᠷᠳᠠᠯᠭ᠎ᠠ ᠪᠤᠯᠤᠨ ᠨᠠᠩ ᠡᠯᠪᠡᠭ ᠪᠠᠶᠠᠯᠢᠭ ᠰᠤᠷᠠᠭ ᠵᠠᠩᠭᠢ ᠶᠢ ᠬᠠᠩᠭᠠᠵᠦ᠂ ᠮᠠᠯᠵᠢᠬᠤ ᠤᠷᠤᠨ ᠤ ᠠᠵᠦ ᠠᠬᠤᠢ  ᠶᠢᠨ ᠬᠦᠭᠵᠢᠯᠳᠡ ᠶᠢ ᠠᠬᠦᠭᠤᠯᠵᠦ᠂ ᠮᠠᠯᠴᠢᠨ ᠲᠦᠮᠠᠨ ᠤ ᠬᠦᠷᠳᠡᠭᠡᠮᠵᠢ ᠶᠢᠨ ᠲᠦᠷᠦᠭᠳᠡᠯ ᠪᠤᠯᠤᠨ ᠵᠤᠯ ᠵᠢᠷᠭᠠᠯᠳᠦ ᠲᠦᠷᠦᠭᠳᠡᠯ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠶᠢᠨ ᠲᠦᠯᠦᠭᠡ ᠶᠤᠮ᠃ ᠦᠪᠦᠷ ᠮᠤᠩᠭᠤᠯ ᠤᠨ ᠷᠠᠳᠢᠤ᠋ ᠲᠧᠯᠸᠢᠰ ᠲᠤᠤᠷ ᠰᠦᠯᠵᠢᠶᠡᠨ ᠤ ᠪᠦᠯᠦᠭᠯᠡᠯ ᠤᠨ ᠬᠢᠵᠠᠭᠠᠷᠳᠦ ᠺᠤᠮᠺᠠᠨᠢ ᠶᠢᠨ ᠲᠠᠷᠬᠠᠨ ᠮᠤᠤᠮᠢᠩᠭᠠᠨ ᠬᠤᠰᠢᠭᠤᠨ ᠳᠠᠬᠢ  ᠢᠨᠵᠧᠨᠧᠷᠢᠭ ᠤᠨ ᠪᠦᠳᠡᠭᠡᠨ ᠪᠠᠶᠢᠭᠤᠯᠤᠯᠳᠠ ᠪᠠᠨ ᠴᠢᠩᠭᠠᠳᠬᠠᠵᠦ᠂  ᠲᠧᠯᠸᠢᠰ ᠷᠠᠳᠢᠤ᠋ ᠲᠤᠤᠷ ᠰᠦᠯᠵᠢᠶ᠎ᠡ   ᠶᠢ ᠬᠦᠳᠡᠭᠡ ᠲᠤᠰᠬᠤᠨ ᠳᠤ ᠨᠡᠶᠢᠳᠡᠮ ᠪᠦᠷᠬᠦᠭᠦᠯᠬᠦ ᠠᠵᠢᠯ ᠢ ᠪᠤᠳᠠᠳᠠᠢ ᠨᠠᠶᠢᠳᠠᠪᠤᠷᠢᠵᠢᠭᠦᠯᠵᠦ ᠪᠤᠢ᠃      ᠤᠶᠢᠷ᠎ᠠ ᠳᠤ᠂ ᠺᠤᠮᠫᠠᠨᠢ ᠶᠢᠨ ᠠᠵᠢᠯᠳᠠᠨ  ᠲᠤᠤᠷ ᠰᠦᠯᠵᠢᠶ᠎ᠡ ᠮᠠᠭᠤ᠂ ᠭᠠᠷ ᠤᠳᠠᠰᠤᠨ ᠤ ᠲᠤᠬᠢᠶ᠎ᠠ ᠮᠠᠭᠤ ᠪᠠᠶᠢᠳᠠᠭ ᠴᠠᠭᠠᠨᠬᠠᠰᠠ ᠰᠤᠮᠤᠨ ᠳᠤ ᠬᠦᠷᠴᠦ᠂ ︽ᠤᠶᠤᠨᠳᠦ ᠷᠠᠳᠢᠤ᠋ ᠲᠧᠯᠸᠢᠰ︾ ᠤᠨ ᠦᠷᠭᠡᠨ ᠪᠦᠰᠡᠳᠦ ᠰᠦᠯᠵᠢᠶ᠎ᠡ ᠲᠠᠭᠠᠷᠠᠭᠤᠯᠵᠦ ᠦᠭᠭᠦᠭᠰᠡᠨ ᠪᠠᠶᠢᠨ᠎ᠠ᠃      ᠮᠠᠯᠴᠢᠨ ᠡᠨᠡᠬᠦ ᠲᠦᠭᠦᠬᠦᠷᠦᠮᠵᠢ ᠶᠢ ᠠᠰᠢᠭᠯᠠᠨ ᠲᠧᠯᠸᠢᠰ ᠦᠵᠡᠵᠦ ᠤᠷᠤᠨ ᠨᠤᠳᠤᠭ ᠤᠨ ᠴᠢᠮᠡᠭᠡ ᠵᠠᠩᠭᠢ᠂ ᠲᠦᠷᠦ ᠶᠢᠨ ᠪᠤᠳᠤᠯᠭ᠎ᠠ ᠶᠢ ᠤᠶᠢᠯᠠᠭᠠᠵᠦ ᠲᠡᠶᠢᠯᠬᠦ ᠪᠠᠷ ᠪᠠᠷᠠᠬᠤ ᠦᠭᠡᠢ ᠭᠠᠷ ᠤᠳᠠᠰᠤᠨ ᠲᠡᠭᠡᠷ᠎ᠡ ᠪᠠᠨ ᠮᠠᠯ ᠠᠵᠦ ᠠᠬᠤᠢ ᠶᠢᠨ ᠰᠤᠷᠠᠭ ᠵᠠᠩᠭᠢ ᠵᠡᠷᠭᠡ ᠦᠢᠯᠡᠳᠪᠦᠷᠢᠯᠡᠯ ᠠᠮᠢᠳᠤᠷᠠᠯ ᠳᠤ ᠪᠠᠨ ᠠᠰᠢᠭᠳᠠᠢ ᠵᠦᠢᠯᠡᠰ ᠢ ᠦᠵᠡᠵᠦ ᠲᠡᠶᠢᠯᠬᠦ ᠪᠤᠯᠤᠭᠰᠠᠨ  ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号