ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠦᠶᠡᠷ ᠤᠨ ᠬᠤᠭᠤᠴᠠᠭᠠᠨ ᠤ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ ᠢ ᠲᠣᠭᠤᠷᠢᠨ ᠪᠠᠶᠢᠴᠠᠭᠠᠬᠤ ᠪᠠ ᠭᠠᠵᠠᠷ ᠤᠨ ᠭᠠᠶ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ  ᠰᠡᠷᠡᠮᠵᠢᠯᠡᠭᠦᠯᠬᠦ
ᠨᠡᠶᠢᠲᠡᠯᠡᠭᠰᠡᠨ ᠴᠠᠭ᠄
2021/7/28
     ᠣᠶᠢᠷ᠎ᠠ ᠳᠤ᠂ ᠮᠠᠨ ᠤ ᠬᠤᠰᠢᠭᠤᠨ ᠤ ᠣᠯᠠᠨ ᠭᠠᠵᠠᠷ ᠲᠤ ᠰᠢᠷᠦᠭᠦᠨ ᠪᠣᠷᠣᠭᠠᠨ ᠣᠷᠣᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠦᠶᠡᠷ ᠤᠨ ᠬᠤᠭᠤᠴᠠᠭᠠᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠭᠤᠣᠯ ᠤᠳᠤᠷᠢᠳᠤᠯᠭ᠎ᠠ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠤᠰ ᠳᠤᠰ ᠳᠤᠭᠤᠶᠢᠯᠠᠩ ᠳᠠᠭᠠᠭᠤᠯᠤᠨ ᠭᠤᠣᠯᠳᠠᠯᠭ᠎ᠠ ᠲᠠᠢ ᠭᠠᠵᠠᠷ ᠤᠨ ᠭᠠᠮᠰᠢᠭ ᠤᠨ ᠭᠡᠮ ᠰᠣᠭᠤᠭ ᠤᠨ ᠴᠡᠭ ᠲᠤ ᠲᠣᠭᠤᠷᠢᠨ ᠪᠠᠶᠢᠴᠠᠭᠠᠯᠲᠠ ᠬᠢᠵᠦ᠂ ᠴᠠᠭ ᠲᠤᠬᠠᠢ ᠳᠤᠨᠢ ᠬᠤᠰᠢᠭᠤᠨ ᠤ ᠴᠠᠭ ᠠᠭᠤᠷ ᠤᠨ ᠲᠣᠪᠴᠢ᠊ ᠡᠶ᠎ᠡ ᠲᠠᠢ ᠬᠠᠮᠲᠤᠷᠠᠨ ᠭᠠᠵᠠᠷ ᠤᠨ ᠭᠠᠮᠰᠢᠭ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦ ᠤᠷᠢᠳᠴᠢᠯᠠᠭᠰᠠᠨ ᠮᠡᠳᠡᠭᠡ ᠨᠡᠶᠢᠲᠡᠯᠡᠵᠦ᠂ ᠦᠶᠡᠷ ᠤᠨ ᠬᠤᠭᠤᠴᠠᠭᠠᠨ ᠤ ᠤᠳᠤᠷᠢᠳᠤᠯᠭ᠎ᠠ ᠡᠭᠡᠯᠵᠢ ᠳᠠᠭᠠᠭᠤᠯᠬᠤ᠂ ᠺᠠᠳ᠋ᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ 24 ᠴᠠᠭ ᠢᠶᠠᠷ ᠵᠢᠵᠢᠭᠦᠷᠯᠡᠬᠦ ᠶᠢ ᠬᠡᠷᠡᠭᠵᠢᠭᠦᠯᠵᠦ᠂ ᠦᠶᠡᠷ ᠤᠨ ᠬᠤᠭᠤᠴᠠᠭᠠᠨ ᠤ ᠮᠡᠳᠡᠭᠡ ᠵᠠᠩᠭᠢ ᠶᠢᠨ ᠰᠠᠭᠠᠳ ᠦᠬᠡᠢ ᠨᠡᠪᠲᠡᠷᠡᠬᠦ ᠶᠢ ᠪᠠᠲᠤᠯᠠᠵᠠᠢ᠃      ᠲᠣᠪᠴᠢᠶᠠᠨ ᠳᠠᠷᠤᠭ᠎ᠠ ᠵᠠᠩ ᠵᠧᠨ ᠵᠢᠶᠦ᠋ᠨ ᠱᠠᠭᠠᠷᠳᠠᠭᠰᠠᠨ ᠨᠢ᠂ ᠪᠦᠬᠦ ᠺᠠᠳ᠋ᠷ ᠠᠵᠢᠯᠲᠠᠨ ᠠᠵᠢᠯᠴᠢᠨ ᠢ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠤᠯᠤᠰ ᠲᠥᠷᠥ ᠶᠢᠨ ᠤᠬᠠᠮᠰᠠᠷ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠭᠠᠳᠬᠠᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠦᠶᠡᠷ ᠤᠨ ᠬᠤᠭᠤᠴᠠᠭᠠᠨ ᠳᠤ ᠭᠡᠨᠡᠳᠲᠡ ᠡᠭᠦᠰᠦᠭᠰᠡᠨ ᠣᠨᠴᠠᠭᠠᠶ ᠴᠠᠭ ᠠᠭᠤᠷ ᠢ ᠳᠡᠭᠡᠳᠦ ᠬᠡᠮᠵᠢᠶ᠎ᠡ ᠪᠠᠷ ᠰᠡᠷᠡᠮᠵᠢᠯᠡᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠦᠶᠡᠷ ᠤᠨ ᠬᠤᠭᠤᠴᠠᠭᠠᠨ ᠳᠠᠬᠢ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号