7 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ ᠪᠦᠭᠦ ᠬᠤᠰᠢᠭᠤᠨ ᠳᠤ ᠶᠡᠭᠡ ᠬᠡᠪᠴᠢᠶᠡᠨ ᠤ | ᠠᠭᠠᠳᠠᠷ ᠪᠣᠷᠣᠭᠠᠨ ᠣᠷᠣᠵᠤ᠂ ᠳᠠᠷᠬᠠᠨ ᠮᠤᠤᠮᠢᠩᠭᠠᠨ ᠬᠤᠰᠢᠭᠤᠨ ᠤ ᠴᠠᠭ ᠠᠭᠤᠷ ᠤᠨ ᠬᠤᠷᠢᠶᠠᠨ ᠤ ᠪᠦᠷᠢᠳᠬᠡᠯ ᠢ | ᠦᠨᠳᠦᠰᠦᠯᠡᠪᠡᠯ᠂ ᠴᠠᠭᠠᠨᠬᠠᠳᠠ ᠰᠤᠮᠤ ᠪᠣᠯ ᠪᠦᠭᠦ ᠬᠤᠰᠢᠭᠤᠨ ᠤ ᠬᠠᠮᠤᠭ ᠤᠨ ᠶᠡᠭᠡ ᠬᠤᠷ᠎ᠠ ᠲᠤᠨᠳᠠᠰᠤᠨ ᠤ | ᠬᠡᠮᠵᠢᠶ᠎ᠡ ᠲᠠᠢ ᠭᠠᠵᠠᠷ ᠣᠷᠣᠨ ᠪᠠᠶᠢᠵᠤ᠂ ᠬᠤᠷ᠎ᠠ ᠲᠤᠨᠳᠠᠰᠤᠨ ᠤ ᠬᠡᠮᠵᠢᠶ᠎ᠡ ᠨᠢ 57.4 ᠮᠢᠯᠢᠮᠧᠲᠷ ᠲᠤ ᠬᠦᠷᠦᠭᠰᠡᠨ | ᠪᠠᠶᠢᠨ᠎ᠠ᠃ | ᠪᠣᠷᠣᠭᠠᠨ ᠵᠠᠯᠭᠠᠭ᠎ᠠ ᠪᠠᠷ ᠤᠷᠤᠭᠰᠠᠨ ᠠᠴᠠ ᠮᠠᠨ ᠤ ᠰᠤᠮᠤᠨ ᠤ ᠬᠠᠳᠠᠬ ᠤᠨ ᠬᠠᠳᠠᠬᠳᠤ ᠭᠠᠴᠠᠭᠠᠨ ᠤ | ᠮᠠᠯᠴᠢᠨ ᠡᠷᠦᠬᠡ ᠶᠢᠨ ᠭᠡᠷ ᠤᠨ ᠤᠷᠤᠢ ᠨᠤᠷᠠᠪᠠ᠃ ᠮᠡᠳᠡᠭᠡ ᠶᠢ ᠣᠯᠤᠭᠰᠠᠨ ᠤ ᠲᠠᠷᠠᠭ᠎ᠠ ᠲᠡᠷᠡ ᠳᠠᠷᠤᠶ ᠳᠤᠨᠢ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠶᠢᠨ ᠬᠠᠮᠲᠤ ᠪᠠᠴᠢᠮ | ᠪᠠᠶᠢᠳᠠᠯ ᠢ ᠠᠷᠭᠠᠴᠠᠬᠤ ᠲᠥᠰᠦᠯ ᠢ ᠡᠬᠢᠯᠡᠨ ᠬᠡᠷᠡᠭᠵᠢᠭᠦᠯᠵᠦ᠂ ᠰᠤᠮᠤ ᠶᠢᠨ ᠤᠳᠤᠷᠢᠳᠤᠯᠭ᠎ᠠ᠂ ᠺᠠᠳ᠋ᠷ ᠵᠢᠴᠢ ᠬᠢᠯᠢ ᠶᠢᠨ | ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠶ ᠳᠤ ᠬᠦᠷᠴᠦ | ᠭᠠᠮᠰᠢᠭ ᠤᠨ ᠪᠠᠶᠢᠳᠠᠯ ᠢ ᠨᠠᠮᠳᠠᠭᠤᠯᠵᠤ᠂ ᠴᠠᠭ ᠲᠤᠬᠠᠶ ᠳᠤᠨᠢ ᠵᠠᠶᠢᠯᠠᠬᠤ ᠪᠠᠷ ᠳᠠᠮᠵᠢᠭᠠᠳ ᠬᠥᠮᠦᠨ ᠬᠠᠷ᠎ᠠ ᠠᠳᠡᠵᠦ | ᠰᠢᠷᠬᠠᠲᠤᠭᠰᠠᠨ ᠦᠭᠡᠢ᠃ ᠶᠡᠷᠡᠭᠡᠳ ᠣᠨ ᠤ ᠦᠶ᠎ᠡ ᠶᠢᠨ ᠰᠢᠪᠠᠷ ᠪᠠᠶᠢᠰᠢᠩ ᠳᠤ ᠪᠠᠷᠢᠭᠰᠠᠨ ᠪᠥᠭᠡᠳ ᠬᠡᠳᠦᠨ ᠡᠳᠦᠷ | ᠳᠠᠷᠠᠭᠠᠯᠠᠨ ᠰᠢᠷᠦᠭᠦᠨ ᠪᠣᠷᠣᠭᠠᠨ ᠠᠴᠠ ᠪᠤᠯᠵᠤ ᠭᠡᠷ ᠤᠨ ᠤᠷᠤᠢ ᠨᠢ ᠨᠤᠷᠠᠵᠤ᠂ ᠪᠤᠰᠤᠳ ᠬᠤᠶᠠᠷ ᠲᠠᠰᠤᠯᠭ᠎ᠠ | ᠪᠠᠶᠢᠰᠢᠩ ᠳᠤ ᠬᠡᠵᠢᠶ᠎ᠡ ᠴᠦ ᠨᠤᠷᠠᠵᠤ ᠮᠡᠳᠡᠬᠦ ᠪᠣᠯᠬᠤᠷ᠂ ᠡᠭᠦᠰᠦᠮᠡᠯ ᠭᠠᠮᠰᠢᠭ ᠭᠠᠷᠬᠤ ᠠᠴᠠ ᠵᠠᠶᠢᠯᠠᠰᠬᠢᠵᠦ᠂ | ᠬᠥᠮᠦᠰ ᠤᠨ ᠰᠠᠨᠠᠭᠠᠨ ᠳᠤ ᠦᠭᠡᠢ ᠬᠡᠷᠡᠭ ᠭᠠᠷᠬᠤ ᠠᠴᠠ ᠰᠡᠷᠭᠡᠶᠢᠯᠡᠬᠦ ᠶᠢᠨ ᠲᠥᠯᠥᠭᠡ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠬᠠᠷᠢᠯᠴᠠᠵᠤ᠂ ᠮᠠᠶᠢᠬᠠᠨ᠂ ᠡᠪᠬᠡᠮᠡᠯ ᠣᠷᠣ ᠵᠡᠷᠭᠡ ᠪᠠᠴᠢᠮ ᠪᠠᠶᠢᠳᠠᠯ ᠢ | ᠠᠷᠭᠠᠴᠠᠬᠤ ᠡᠳ᠋ ᠪᠣᠳᠠᠰ ᠢ ᠭᠤᠶᠤᠴᠢᠯᠠᠵᠤ᠂ ᠰᠥᠨᠢ ᠳᠡᠭᠡᠨ ᠨᠢᠭᠡ ᠭᠡᠷ ᠤᠨ ᠲᠦᠷᠪᠡᠨ ᠬᠥᠮᠦᠨ ᠢ ᠠᠮᠤᠷ ᠲᠦᠪᠰᠢᠨ | ᠭᠠᠵᠠᠷ ᠲᠤ ᠰᠢᠯᠵᠢᠭᠦᠯᠪᠡ᠃ | | | | | | | |