ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ︽ᠬᠡᠥᠬᠡᠳ  ᠪᠠᠭᠠᠴᠤᠤᠯ ᠢ ᠬᠠᠯᠠᠮᠵᠢᠯᠠᠵᠦ᠂ ᠵᠠᠯᠠᠭᠤ ᠪᠠᠭᠠᠴᠤᠤᠯ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠬᠤ︾ ᠠᠯᠪᠠᠨ ᠵᠢᠷᠤᠮ ᠤᠨ ᠡᠮᠴᠢᠯᠡᠭᠡ ᠬᠢᠪᠡ
ᠨᠡᠶᠢᠲᠡᠯᠡᠭᠰᠡᠨ ᠴᠠᠭ᠄
2021/7/28
     ᠡᠮᠨᠡᠯᠭᠡ ᠶᠢᠨ ᠬᠤᠯᠪᠤᠭᠠᠯᠠᠭᠰᠠᠨ ᠰᠢᠰᠲ᠋ᠧᠮ ᠤᠨ ᠬᠢᠨ ᠡᠮᠴᠢᠯᠡᠭᠡᠨ ᠤ ᠦᠢᠯᠡᠰ ᠤᠨ ᠬᠦᠭᠵᠢᠯᠳᠡ ᠶᠢ ᠠᠬᠢᠭᠤᠯᠵᠦ᠂ ᠬᠡᠥᠬᠡᠳ ᠤᠨ ᠰᠠᠯᠠᠭᠠᠨ ᠤ ᠡᠮᠴᠢᠯᠡᠭᠡᠨ ᠤ ᠬᠢᠷᠢ ᠲᠦᠪᠰᠢᠨ ᠢᠶᠠᠨ ᠲᠡᠭᠡᠭᠰᠢᠯᠡᠭᠦᠯᠬᠦ ᠶᠢᠨ ᠲᠦᠯᠦᠭᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠮᠤᠩᠭᠤᠯ ᠡᠮᠨᠡᠯᠭᠡ ᠶᠢᠨ ᠬᠤᠷᠢᠶ᠎ᠠ7 ᠰᠠᠷ᠎ᠠ ᠶᠢᠨ22 ᠤ ᠡᠳᠦᠷ᠂ ︽ᠬᠡᠥᠬᠡᠳ ᠪᠠᠭᠠᠴᠤᠤᠯ ᠢ ᠬᠠᠯᠠᠮᠵᠢᠯᠠᠵᠦ᠂ ᠵᠠᠯᠠᠭᠤ ᠪᠠᠭᠠᠴᠤᠤᠯ   ᠤᠨ ᠡᠮᠴᠢᠯᠡᠭᠡᠨ ᠤ ᠠᠵᠢᠯᠯᠠᠭ᠎ᠠ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃      ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭᠠᠨ ᠳᠤ ᠪᠤᠭᠤᠳᠦ ᠬᠤᠳᠠ ᠶᠢᠨ ᠲᠦᠷᠪᠡᠳᠦᠭᠡᠷ ᠡᠮᠨᠡᠯᠭᠡ ᠶᠢᠨ ᠬᠤᠷᠢᠶᠠᠨ ᠤ ᠬᠡᠥᠬᠡᠳ ᠤᠨ ᠰᠠᠯᠠᠭᠠᠨ ᠤ ᠲᠤᠰᠬᠠᠢ ᠮᠡᠷᠭᠡᠵᠢᠯᠳᠡᠨ᠂ ᠪᠤᠭᠤᠳᠦ ᠬᠤᠳᠠ ᠶᠢᠨ ᠴᠤᠤ ᠵᠢᠦᠢ ᠨᠢᠳᠦᠨ ᠬᠠᠷᠠᠭᠠᠨ ᠤ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠳᠡᠳ ᠢ ᠤᠷᠢᠵᠦ᠂ ᠮᠠᠨ ᠤ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ ᠰᠢᠳᠤᠨ ᠤ ᠰᠠᠯᠠᠭᠠᠨ ᠤ ᠡᠮᠴᠢ ᠨᠠᠷ ᠲᠠᠢ ᠬᠠᠮᠳᠦ ᠬᠡᠥᠬᠡᠳ ᠤᠨ ᠪᠡᠶ᠎ᠡ ᠶᠢᠨ ᠦᠨᠳᠦᠷ᠂ ᠪᠡᠶ᠎ᠡ ᠶᠢᠨ ᠬᠦᠨᠳᠦ᠂ ᠡᠷᠡᠭᠦᠯ ᠪᠤᠶᠢᠵᠢᠯᠳᠠ᠂ ᠨᠢᠳᠦᠨ ᠤ ᠬᠠᠷᠠᠭ᠎ᠠ᠂ ᠰᠢᠳᠦ ᠵᠡᠷᠭᠡ ᠶᠢ ᠪᠠᠶᠢᠴᠠᠭᠠᠨ᠂ ᠲᠤᠰᠬᠠᠢ ᠮᠡᠷᠭᠡᠵᠢᠯᠳᠡᠳ ᠠᠴᠠ ᠭᠡᠷ ᠤᠨ ᠠᠬᠠᠮᠠᠳ ᠤᠨ ᠰᠠᠨᠠᠭᠠᠰᠢᠷᠠᠵᠦ ᠪᠠᠶᠢᠭ᠎ᠠ ᠮᠠᠳᠠᠭ ᠲᠠᠢ ᠠᠰᠠᠭᠤᠳᠠᠯ ᠳᠤ ᠰᠢᠰᠲ᠋ᠧᠮ ᠲᠠᠢ ᠨᠠᠷᠢᠨ ᠲᠠᠶᠢᠯᠪᠤᠷᠢᠯᠠᠯᠳᠠ ᠬᠢᠬᠦ ᠶᠢᠨ ᠬᠠᠮᠳᠦ ᠭᠡᠷ ᠤᠨ ᠠᠬᠠᠮᠠᠳ ᠲᠤ ᠬᠡᠥᠭᠡᠳ   ᠤᠨ ᠡᠪᠡᠳᠴᠢᠨ ᠢ ᠰᠡᠷᠭᠡᠶᠢᠯᠡᠬᠦ  ᠴᠢᠬᠤᠯᠠ ᠴᠢᠨᠠᠷ ᠢ ᠤᠶᠢᠯᠠᠭᠤᠯᠤᠨ᠂ ᠬᠡᠥᠬᠡᠳ ᠤᠨ ᠡᠪᠡᠳᠴᠢᠨ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠦᠭᠰᠡᠨ ᠪᠠᠶᠢᠨ᠎ᠠ᠃      ᠲᠤᠰ ᠤᠳᠠᠭᠠᠨ ᠤ ᠠᠯᠪᠠᠨ ᠵᠢᠷᠦᠮ ᠤᠨ ᠡᠮᠴᠢᠯᠡᠭᠡᠨ ᠤ ᠠᠵᠢᠯᠯᠠᠭᠠᠨ ᠨᠢ ᠭᠡᠷ ᠤᠨ ᠠᠬᠠᠮᠠᠳ ᠲᠤ ᠬᠡᠥᠬᠡᠳ  ᠤᠨ ᠦᠰᠦᠨ ᠪᠤᠶᠢᠵᠢᠯᠳᠠ ᠲᠤᠮᠳᠠ ᠠᠩᠬᠠᠷᠬᠤ ᠵᠦᠢᠯᠡᠰ᠂ ᠡᠪᠡᠳᠴᠢᠨ ᠬᠢᠵᠢᠭ ᠢ ᠬᠡᠷᠬᠢᠨ ᠰᠡᠷᠭᠡᠶᠢᠯᠡᠬᠦ ᠵᠡᠷᠭᠡ ᠮᠡᠳᠡᠯᠬᠡ   ᠶᠢ ᠤᠶᠢᠯᠠᠭᠠᠭᠤᠯᠬᠤ ᠶᠢᠨ ᠬᠠᠮᠳᠦ ᠡᠮᠴᠢ ᠠᠵᠢᠯᠳᠠᠳ ᠨᠠᠷ ᠠᠬᠤᠢ ᠲᠠᠯᠠᠪᠠᠢ ᠳᠤ ᠪᠤᠳᠠᠳᠠᠢ ᠤᠨᠤᠰᠢᠯᠠᠯᠳᠠ  ᠶᠢᠨ ᠮᠡᠷᠭᠡᠵᠢᠯ   ᠢᠶᠠᠨ ᠰᠤᠯᠢᠯᠴᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号