【 ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠪᠡ 】 ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠡᠯᠡᠳᠬᠡᠯ ᠬᠤᠷᠠᠯ
ᠨᠡᠶᠢᠲᠡᠯᠡᠭᠰᠡᠨ ᠴᠠᠭ᠄
2021/7/28
     
      7 ᠰᠠᠷ᠎ᠠ ᠶᠢᠨ 26 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠪᠡᠯᠡᠳᠬᠡᠯ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ  ᠲᠡᠳ᠋ ᠱᠦᠵᠢ᠂  ᠤᠷᠤᠯᠠᠭᠴᠢ ᠬᠤᠰᠢᠭᠤᠨ ᠲᠠᠷᠤᠭ᠎ᠠ ᠱᠢ ᠵᠦᠩ ᠴᠢᠨ ᠬᠤᠷᠠᠯ ᠡᠷᠭᠢᠯᠠᠪᠠ᠃      ᠲᠣᠰ ᠤᠳᠠᠭᠠᠨ ᠤ ᠬᠤᠷᠠᠯᠳᠤᠭᠠᠨ ᠳᠤ 259 ᠲᠥᠯᠥᠭᠡᠯᠡᠭᠴᠢ ᠲᠠᠢ ᠪᠠᠶᠢᠵᠤ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 245 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠬᠤᠰᠢᠭᠤᠨ ᠤ ᠤᠳᠤᠷᠢᠳᠤᠯᠭ᠎ᠠ ᠵᠢᠶᠠ ᠪᠦᠦ ᠯᠢᠶᠠᠩ᠂ ᠱᠢ ᠵᠥᠩ ᠴᠢᠨ᠂ ᠶᠤᠸᠠᠨ ᠹᠠᠨ᠂ ᠵᠠᠩ ᠪᠠᠭᠠᠨ᠎ᠠ᠂ ᠵᠠᠩ ᠰᠢᠤᠢ᠂ ᠯᠢᠦ ᠷᠦᠢ ᠯᠦᠩ᠂ ᠴᠢᠦᠶ ᠨᠢᠩ᠂ ᠯᠢᠦ ᠶᠧ᠂ ᠬᠥᠩ ᠰᠢ ᠯᠢᠶᠠᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠬᠤᠷᠠᠯ ᠠᠴᠠ ᠪᠤᠭᠤᠲᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠤᠯᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ︽︿ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠢᠶᠠ ᠪᠦᠦ ᠯᠢᠶᠠᠩ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠲᠥᠯᠥᠭᠡᠯᠡᠭᠴᠢᠳ ᠪᠣᠯᠤᠨ ᠬᠤᠷᠠᠯ ᠳᠤ ᠣᠷᠣᠯᠴᠠᠭᠰᠠᠨ ᠨᠥᠬᠦᠳ ᠡᠨᠡ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠢᠮᠠᠭᠲᠠ ᠨᠠᠮ ᠪᠠ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠡᠭᠦᠷᠭᠡᠲᠦ ᠰᠡᠳᠬᠢᠯᠭᠡ ᠪᠠᠷ ᠮᠡᠳᠡᠭᠦᠯᠦᠯᠲᠡ ᠶᠢ ᠬᠢᠨᠠᠨ ᠵᠥᠪᠯᠡᠬᠦ᠂ ᠪᠢᠯᠧᠲ ᠥᠭᠴᠦ ᠰᠣᠩᠭᠤᠭᠤᠯᠢ ᠶᠠᠪᠤᠭᠤᠯᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠲᠥᠯᠥᠭᠡᠯᠡᠭᠴᠢᠳ ᠤᠨ ᠢᠳᠡᠪᠬᠢᠵᠢᠯ ᠪᠣᠯᠤᠨ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢᠨ ᠬᠠᠮᠲᠤ᠂ ᠢᠯᠡᠳᠬᠡᠯ ᠳᠤ ᠳᠤᠷᠠᠳᠤᠭᠰᠠᠨ ᠲᠡᠮᠡᠴᠡᠯ ᠤᠨ ᠬᠠᠷᠠᠯᠲᠠ ᠪᠣᠯᠤᠨ ᠬᠥᠭᠵᠢᠯᠲᠡ ᠶᠢᠨ ᠰᠡᠳᠬᠢᠮᠵᠢ ᠶᠢ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠲᠠᠨᠢᠯᠲᠠ ᠪᠣᠯᠤᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ ᠡᠭᠦᠨ ᠤ ᠵᠡᠷᠭᠡᠴᠡᠭᠡᠪᠡᠷ᠂ ᠶᠡᠭᠡ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠲᠥᠯᠥᠭᠡᠯᠡᠭᠴᠢᠳ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠨᠠᠮ ᠤᠨ ᠳᠣᠲᠣᠭᠠᠳᠤ ᠶᠢᠨ ᠶᠣᠰᠣ ᠲᠦᠷᠢᠮ ᠢ ᠴᠢᠩᠭ᠎ᠠ ᠵᠢᠷᠤᠮᠯᠠᠨ ᠠᠵᠢᠯᠯᠠᠵᠤ᠂ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ ᠪᠠ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠷᠠᠯᠳᠤᠭᠠᠨ ᠤ ᠲᠡᠭᠦᠰ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃
      ᠬᠤᠷᠠᠯ ᠠᠴᠠ ᠭᠠᠷ ᠡᠷᠭᠦᠨ ᠪᠠᠲᠤᠯᠠᠬᠤ ᠬᠡᠯᠪᠡᠷᠢ ᠪᠠᠷ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠡᠷᠡᠰ᠂ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠨᠡᠷᠡᠰ ᠵᠢᠴᠢ ᠶᠡᠭᠡ ᠬᠤᠷᠠᠯ ᠤᠨ ᠵᠥᠪᠯᠡᠬᠦ ᠵᠦᠢᠯ ᠢ ᠲᠡᠰ ᠳᠠᠷᠠᠭᠠᠯᠠᠨ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾ ᠶᠢ ᠲᠥᠪᠯᠡᠷᠡᠭᠦᠯᠦᠨ ᠦᠵᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号