ᠱᠢ ᠵᠦᠩ ᠴᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/28
      7 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠴᠠᠩ ᠱᠢ ᠵᠥᠩ ᠴᠢᠨ ᠳᠠᠷᠬᠠᠨ ᠮᠤᠤᠮᠢᠩᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠲᠥᠪᠡᠳ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠪᠠ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠭᠦᠨᠵᠡᠭᠡᠶ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠶᠡᠷᠦᠩᠬᠡᠶ ᠰᠠᠶᠢᠳ ᠯᠢ ᠺᠤ ᠴᠢᠶᠠᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠬᠥᠭᠵᠢᠯᠲᠡ ᠶᠢ ᠠᠬᠢᠭᠤᠯᠵᠤ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠱᠢ ᠲᠠᠢ ᠹᠧᠩ ᠱᠦᠵᠢ ᠶᠢᠨ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠦᠷᠬᠦ ᠶᠢ ᠠᠬᠢᠭᠤᠯᠬᠤ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠤᠳᠠ ᠶᠢ ᠲᠦᠷᠭᠡᠨ ᠪᠠᠶᠢᠭᠤᠯᠬᠤ ᠲᠤᠬᠠᠢ ᠠᠵᠢᠯ ᠤᠨ ᠮᠡᠳᠡᠭᠦᠯᠦᠯᠲᠡ︾ ᠳᠡᠭᠡᠷᠡᠬᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠠᠷᠭ᠎ᠠ︾ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ᠎ᠠ︔ ᠡᠯ᠎ᠡ ᠳᠡᠳ᠋ ᠬᠤᠰᠢᠭᠤᠨ ᠳᠠᠷᠤᠭ᠎ᠠ ᠶᠢᠨ ᠬᠤᠪᠢᠳᠠᠨ ᠬᠠᠮᠢᠶᠠᠷᠬᠤ ᠹᠷᠣᠨᠲ ᠤᠨ 2021 ᠣᠨ ᠤ ᠳᠡᠭᠡᠷ᠎ᠡ ᠬᠠᠭᠠᠰ ᠵᠢᠯ ᠤᠨ ᠠᠵᠢᠯ ᠢ ᠪᠡᠶᠡᠯᠡᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ ᠴᠡᠭᠴᠡᠯᠡᠨ ᠵᠠᠰᠠᠬᠤ ᠵᠢᠴᠢ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠶ᠋ᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃
      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠳ᠋ᠠ ᠮᠤᠤ ᠶᠢ ᠪᠥᠲᠥᠭᠡᠨ ᠪᠠᠶᠢᠭᠤᠯᠬᠤ ᠬᠡᠷᠡᠭᠲᠡᠶ᠃ ᠦᠶᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠯᠳᠤᠭᠠᠨ ᠤ ᠡᠮᠦᠨᠡᠬᠢ ᠪᠡᠯᠡᠳᠬᠡᠯ ᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠭᠡᠮ ᠰᠣᠭᠤᠭ ᠢ ᠳᠠᠷᠠᠭᠠᠯᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠤᠬᠠᠭᠤᠯᠭ᠎ᠠ ᠬᠥᠮᠦᠵᠢᠯ ᠵᠡᠷᠭᠡ ᠠᠵᠢᠯ ᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ ᠰᠠᠶᠢᠵᠢᠷᠠᠭᠤᠯᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠰᠠᠭᠤᠳᠠᠯ ᠢ ᠪᠣᠳᠠᠲᠠᠶᠢᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠶ᠃ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠠᠵᠢᠯᠯᠠᠭᠠᠨ ᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠴᠠᠭ ᠢ ᠠᠮᠵᠢᠵᠤ᠂ ᠲᠡᠷᠢᠭᠦᠨ ᠵᠡᠷᠭᠡ ᠶᠢᠨ ᠪᠣᠯᠬᠤ ᠪᠠᠷ ᠴᠢᠷᠮᠠᠶᠢᠵᠤ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠲᠤᠬᠢᠷᠠᠭᠤᠯᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠵᠦ᠂ ᠪᠦᠬᠦ ᠠᠵᠢᠯᠳᠠᠨ ᠢᠶᠠᠷ ᠢᠶᠠᠨ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠴᠡᠪᠡᠷ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠰᠠᠶᠢᠲᠤᠷ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃      ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠴᠢᠩᠭ᠎ᠠ ᠪᠥᠭᠡᠳ ᠴᠢᠩᠭ᠎ᠠ᠂ ᠪᠣᠳᠠᠲᠠᠢ ᠪᠥᠭᠡᠳ ᠪᠣᠳᠠᠲᠠᠢ ᠪᠠᠷ ᠠᠬᠢᠭᠤᠯᠵᠤ᠂ ᠴᠢᠩᠭ᠎ᠠ ᠰᠡᠷᠭᠡᠶᠢᠯᠡᠵᠦ ᠦᠬᠦᠮᠡᠯ ᠢᠶᠠᠷ ᠰᠠᠬᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ︽ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ︾ ᠲᠤᠰᠬᠠᠶ ᠵᠦᠢᠯ ᠤᠨ ᠪᠡᠷᠬᠡ ᠰᠡᠳᠦᠪ ᠢ ᠰᠢᠶ᠋ᠳᠪᠦᠷᠢᠯᠡᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠪᠥᠭᠡᠳ ᠪᠡᠷᠬᠡᠲᠡᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠶ᠋ᠳᠪᠦᠷᠢᠯᠡᠬᠦ ᠶᠢ ᠲᠦᠷᠭᠡᠪᠴᠢᠯᠡᠨ ᠠᠬᠢᠭᠤᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢ᠊ ᠡᠶ᠎ᠡ ᠶᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠭᠡᠮ ᠰᠣᠭᠤᠭ ᠢ ᠴᠡᠭᠴᠡᠯᠡᠨ ᠵᠠᠰᠠᠬᠤ ᠶᠢ ᠮᠥᠷᠳᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠶ᠋ᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠰᠢᠶ᠋ᠳᠪᠦᠷᠢᠯᠡᠬᠦ ᠠᠬᠢᠴᠠ ᠪᠠᠨ ᠲᠦᠷᠭᠡᠳᠬᠡᠨ᠂ ᠰᠢᠶ᠋ᠳᠪᠦᠷᠢᠯᠡᠬᠦ ᠪᠣᠳᠠᠲᠤ ᠦᠷ᠎ᠡ ᠪᠦᠲᠦᠮᠵᠢ ᠪᠠᠨ ᠨᠡᠮᠡᠭᠳᠡᠭᠦᠯᠵᠦ᠂ ᠰᠢᠶ᠋ᠳᠪᠦᠷᠢᠯᠡᠬᠦ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃       ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠭᠤᠣᠯ ᠪᠣᠯᠬᠤ ᠲᠤᠭ᠎ᠠ ᠪᠠᠷᠢᠮᠲᠠ ᠶᠢᠨ ᠠᠯᠪᠠᠨ ᠮᠡᠳᠡᠭᠡ︾᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2021 ᠣᠨ ᠤ ᠠᠷᠢᠭᠤᠨ ᠴᠡᠪᠡᠷ ᠢᠶᠠᠷ ᠳᠤᠯᠠᠭᠠᠯᠠᠬᠤ ᠶᠢ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠪᠠᠲᠤᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号