ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠨᠠᠶ᠋ᠮᠠᠨ ᠰᠠᠷ᠎ᠠ ᠶᠢᠨ ᠨᠢᠭᠡᠨ ᠤ ᠪᠠᠶᠠᠷ ᠠᠴᠠ ᠡᠮᠦᠨ᠎ᠡ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠢᠪᠣᠯᠭᠤᠭᠠᠨ ᠲᠣᠬᠤᠨᠢᠭᠤᠯᠬᠤ
ᠨᠡᠶᠢᠲᠡᠯᠡᠭᠰᠡᠨ ᠴᠠᠭ᠄
2021/7/30
     ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 29 ᠤ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠢᠷᠡᠵᠦ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠢ ᠡᠷᠬᠢᠨ ᠦᠵᠡᠵᠦ ᠲᠣᠬᠤᠨᠢᠭᠤᠯᠵᠤ᠂ ᠬᠤᠰᠢᠭᠤᠨ ᠤ ᠲᠦᠷᠪᠡᠨ ᠶᠡᠭᠡ ᠪᠠᠭ ᠪᠣᠯᠤᠨ ᠪᠦᠬᠦ ᠬᠤᠰᠢᠭᠤᠨ ᠤ ᠠᠷᠠᠳ ᠲᠦᠮᠡᠨ ᠢ ᠲᠥᠯᠥᠭᠡᠯᠡᠨ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃
      ᠲᠣᠬᠤᠨᠢᠭᠤᠯᠬᠤ ᠶᠠᠪᠤᠴᠠ ᠳᠤ᠂ ᠵᠢᠶᠠ ᠪᠦᠦ ᠯᠢᠶᠠᠩ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠳᠠᠷᠤᠭ᠎ᠠ ᠪᠠᠶᠢᠯᠳᠤᠭᠴᠢᠳ ᠤᠨ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠪᠠᠭ᠎ᠠ ᠭᠡᠷ ᠢᠶᠠᠨ ᠦᠷᠡᠭᠳᠡᠭᠦᠯᠵᠦ᠂ ᠤᠯᠠᠨ ᠢ ᠬᠠᠷᠠᠭᠠᠯᠵᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠥᠯᠥᠭᠡ ᠠᠮᠢ ᠪᠡᠶ᠎ᠡ ᠪᠠᠨ ᠵᠣᠷᠢᠭᠤᠯᠬᠤ ᠵᠣᠷᠢᠭ ᠰᠠᠨᠠᠭ᠎ᠠ ᠶᠢ ᠬᠦᠨᠳᠦᠳᠬᠡᠨ ᠪᠢᠰᠢᠷᠡᠵᠦ ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠭᠤᠶᠠᠴᠢ ᠦᠭᠡᠢ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠵᠢᠶᠠ ᠪᠦᠦ ᠯᠢᠶᠠᠩ ᠢᠯᠡᠷᠬᠡᠶᠢᠯᠡᠭᠰᠡᠨ ᠨᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠢᠳᠡᠪᠬᠢᠲᠡᠶ ᠪᠠᠷ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠶ᠋ᠳᠪᠦᠷᠢᠯᠡᠵᠦ ᠂ ᠴᠡᠷᠢᠭ ᠠᠩᠭᠢ ᠪᠠ ᠣᠷᠣᠨ ᠨᠤᠲᠤᠭ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠂ ᠴᠡᠷᠢᠭ ᠠᠷᠠᠳ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠴᠡᠷᠢᠭ ᠵᠠᠰᠠᠭ ᠪᠠ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠦᠨ᠎ᠡ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ ᠰᠢ ᠶᠢᠨ ᠫᠢᠩ ᠤ ᠶᠡᠷᠦᠩᠬᠡᠢ ᠱᠦᠵᠢ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠠᠷᠠᠭᠰᠠᠨ ᠴᠢᠳᠠᠪᠤᠷᠢ ᠪᠠᠨ ᠪᠣᠯᠪᠠᠰᠤᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠮᠠᠨ ᠤ ᠬᠤᠰᠢᠭᠤᠨ ᠤ ᠪᠠᠶᠢᠭᠤᠯᠤᠯᠲᠠ ᠶᠢ ᠦᠷᠭᠦᠯᠵᠢᠯᠡᠨ ᠶᠡᠬᠡᠪᠡᠷ ᠳᠡᠮᠵᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠳᠠᠷᠬᠠᠨ ᠮᠤᠤᠮᠢᠩᠭᠠᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠡᠶ᠎ᠡ ᠵᠣᠬᠢᠴᠠᠯ ᠲᠠᠢ ᠲᠣᠭᠲᠠᠭᠤᠨ ᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
      ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠬᠤᠰᠢᠭᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠠᠴᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢ ᠳᠡᠮᠵᠢᠭᠰᠡᠭᠡᠷ ᠢᠷᠡᠭᠰᠡᠨ ᠳᠤ ᠲᠦᠢᠯ ᠢᠶᠠᠷ ᠲᠠᠯᠠᠷᠬᠠᠪᠠ᠃ ᠲᠠᠳᠠ ᠢᠯᠡᠷᠬᠡᠶᠢᠯᠡᠬᠦ ᠳᠡᠭᠡᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠷᠠᠳ ᠣᠯᠠᠨ ᠤ ᠬᠠᠯᠠᠮᠵᠢᠯᠠᠯ ᠳᠡᠮᠵᠢᠯᠭᠡ ᠶᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠴᠡᠷᠢᠭ ᠠᠩᠭᠢ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠲᠤ ᠴᠢᠩᠭ᠎ᠠ ᠥᠮᠥᠭ ᠲᠦᠰᠢᠭ ᠪᠣᠯᠵᠣ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠡᠶ᠃       ᠬᠤᠰᠢᠭᠤᠨ ᠤ ᠤᠳᠤᠷᠢᠳᠤᠯᠭ᠎ᠠ  ᠵᠦᠦ ᠵᠠᠨ ᠭᠦᠸᠧ᠂ ᠬᠤ᠋ ᠴᠢᠶᠠᠩ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠲᠣᠬᠤᠨᠢᠭᠤᠯᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号