ᠡᠬᠡ ᠤᠯᠤᠰ ᠢᠶᠠᠨ ᠬᠠᠶᠢᠷᠠᠯᠠᠵᠦ ᠡᠪ ᠬᠠᠮᠳᠦ ᠨᠠᠮ ᠢᠶᠠᠨ ᠵᠢᠷᠤᠭᠯᠠᠨᠠᠮ
ᠨᠡᠶᠢᠲᠡᠯᠡᠭᠰᠡᠨ ᠴᠠᠭ᠄
2021/7/7
     ᠡᠶ᠎ᠡ ᠨᠠᠶᠢᠷᠠᠮᠳᠠᠭᠤ ᠴᠡᠴᠡᠷᠯᠢᠭ ᠤᠨ ᠬᠦᠷᠢᠶᠡᠨ ᠤ ᠰᠤᠶᠤᠯ ᠤᠨ ᠠᠮᠢᠳᠤᠷᠠᠯ ᠢ ᠪᠤᠢ ᠪᠤᠯᠭᠠᠵᠦ᠂ ᠴᠡᠴᠡᠷᠯᠢᠭ  ᠤᠨ ᠬᠡᠥᠬᠡᠳ ᠤᠳ ᠤᠨ ᠡᠬᠡ ᠤᠯᠤᠰ ᠢᠶᠠᠨ ᠬᠠᠶᠢᠷᠠᠯᠠᠬᠤ ᠦᠵᠡᠯ ᠰᠠᠨᠠᠭ᠎ᠠ ᠶᠢ ᠨᠢ ᠬᠦᠮᠦᠵᠢᠭᠦᠯᠬᠦ ᠶᠢᠨ ᠲᠦᠯᠦᠭᠡ6 ᠰᠠᠷ᠎ᠠ ᠶᠢᠨ29 ᠤ ᠡᠳᠦᠷ᠂ ᠲᠠᠷᠬᠠᠨ ᠮᠤᠤᠮᠢᠩᠭᠠᠨ  ᠬᠤᠯᠪᠣᠭᠠᠳᠦ ᠬᠤᠰᠢᠭᠤᠨ ᠤ ᠦᠨᠳᠦᠰᠦᠳᠡᠨ ᠤ ᠬᠡᠥᠬᠡᠳ ᠤᠨ ᠴᠡᠴᠡᠷᠯᠢᠭ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠬᠡᠯᠡᠬᠦ ᠤᠷᠠᠨ ᠵᠢᠷᠤᠭ ᠤᠨ ᠬᠦᠳᠡᠯᠭᠡᠭᠡᠨ ᠦᠷᠨᠢᠭᠦᠯᠪᠡ᠃      ᠬᠦᠳᠡᠯᠭᠡᠭᠡᠨ ᠳᠤ ᠶᠡᠭᠡ ᠲᠤᠮᠳᠠ ᠪᠠᠭ᠎ᠠ ᠠᠩᠭᠢ ᠶᠢᠨ ᠬᠡᠥᠬᠡᠳ ᠤᠳ ᠪᠠᠭᠰᠢ ᠶᠢᠨ ᠵᠢᠯᠤᠭᠤᠳᠤᠯᠭ᠎ᠠ ᠲᠤᠤᠷ᠎ᠠ᠂ ᠦᠪᠡᠷ ᠤᠨ ᠰᠡᠳᠭᠢᠬᠦᠢ ᠪᠠᠷ ᠢᠶᠠᠨ ᠡᠬᠡ ᠤᠯᠤᠰ᠂ ᠡᠪ ᠬᠠᠮᠳᠦ ᠨᠠᠮ ᠢᠶᠠᠨ ᠵᠢᠷᠤᠭᠯᠠᠨ᠂ ᠠᠭᠤᠤ ᠶᠡᠭᠡ ᠲᠤᠮᠳᠠᠳᠦ ᠤᠯᠤᠰ ᠤᠨ ᠡᠪ ᠬᠠᠮᠳᠦ ᠨᠠᠮ ᠤᠨ ᠢᠷᠠᠭᠤ ᠠᠯᠳᠠᠷᠳᠦ ᠲᠡᠥᠬᠡ ᠶᠢ ᠤᠶᠢᠯᠠᠭᠠᠵᠦ᠂ ᠪᠠᠭᠰᠢ ᠨᠠᠷ ᠠᠴᠠ ᠬᠡᠥᠬᠡᠳ ᠤᠳ  ᠤᠨ ᠡᠭᠦᠷᠢᠳᠡ ᠡᠪ ᠬᠠᠮᠳᠦ ᠨᠠᠮ ᠢᠶᠠᠨ ᠲᠠᠭᠠᠵᠦ᠂  ᠡᠪ ᠬᠠᠮᠳᠦ ᠨᠠᠮ ᠢᠶᠠᠨ ᠬᠦᠷᠢᠶᠡᠯᠡᠬᠦ ᠦᠵᠡᠯ ᠰᠠᠨᠠᠭ᠎ᠠ ᠶᠢ ᠬᠠᠷᠠᠬᠠᠨ ᠪᠠᠭ᠎ᠠ ᠠᠴᠠ ᠨᠢ ᠬᠦᠮᠦᠵᠢᠭᠦᠯᠵᠦ᠂ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠶᠢᠭᠡᠯᠡᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号