ᠬᠤᠶᠠᠳᠤᠭᠠᠷ ᠬᠤᠭᠤᠴᠠᠭᠠᠨ ᠤ ᠮᠠᠯᠴᠢᠳ ᠤᠨ ᠲᠡᠭᠡᠰᠦ ᠲᠠᠮᠤᠬᠤ ᠤᠷᠤᠯᠳᠤᠭᠠᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2021/7/7
     2021 ᠤᠨ ᠤ7 ᠰᠠᠷ᠎ᠠ ᠶᠢᠨ3 ᠤ ᠡᠳᠦᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠤᠤᠭᠠᠯ ᠰᠤᠶᠤᠯ︾ ᠠᠷᠠᠳ ᠤᠨ ᠤᠷᠠᠯᠢᠭ ᠤᠨ ᠪᠦᠯᠬᠦᠮ ᠤᠨ ᠬᠤᠶᠠᠳᠤᠭᠠᠷ ᠬᠤᠭᠤᠴᠠᠭᠠᠨ ᠤ ᠮᠠᠯᠴᠢᠳ ᠤᠨ ᠲᠡᠭᠡᠰᠦ ᠲᠠᠮᠤᠬᠤ ᠤᠷᠤᠯᠳᠤᠭᠠᠨ  ᠠᠮᠵᠢᠯᠳᠠ ᠲᠠᠢ ᠶᠠᠪᠤᠭᠳᠠᠯ᠎ᠠ᠃      ᠲᠤᠰ ᠤᠳᠠᠭᠠᠨ ᠤ ᠤᠷᠤᠯᠳᠤᠭᠠᠨ ᠨᠢ ᠲᠡᠭᠡᠰᠦ ᠲᠠᠮᠤᠬᠤ᠂ ᠤᠳᠠᠰᠦ ᠡᠭᠡᠷᠡᠬᠦ᠂ ᠲᠤᠭᠤᠯ ᠤᠨ ᠨᠤᠭᠳᠤ ᠬᠢᠬᠦ᠂ ᠤᠯᠤᠩ ᠬᠢᠬᠦ ᠵᠡᠷᠭᠡ ᠠᠭᠤᠯᠭ᠎ᠠ ᠪᠠᠷ ᠶᠠᠪᠤᠭᠳᠠᠵᠦ᠂ ᠲᠡᠭᠡᠰᠦ ᠲᠠᠮᠤᠬᠤ ᠲᠤᠭᠤᠶᠢᠯᠠᠩ ᠳᠤ ᠴᠠᠭᠠᠨᠬᠠᠳᠠ ᠰᠤᠮᠤᠨ ᠤ ᠴᠢᠮᠡᠩ᠂ ᠤᠯᠤᠩ ᠬᠢᠬᠦ ᠲᠤᠭᠤᠶᠢᠯᠠᠩ ᠳᠤ ᠲᠠᠷᠬᠠᠨ ᠰᠤᠮᠤᠨ ᠤ ᠲᠡᠵᠢᠳᠰᠡᠷᠡᠩ᠂ ᠲᠤᠭᠤᠯ ᠤᠨ ᠨᠤᠭᠳᠤ ᠬᠢᠬᠦ ᠲᠤᠭᠤᠶᠢᠯᠠᠩ ᠳᠤ ᠮᠠᠨᠳᠤᠯ ᠪᠠᠯᠭᠠᠰᠤᠨ ᠤ ᠪᠤᠳᠤᠬᠤᠸᠠᠷ ᠵᠡᠷᠭᠡ ᠮᠠᠯᠴᠢᠳ ᠲᠤᠰ ᠲᠤᠰ ᠲᠡᠷᠢᠭᠦᠯᠡᠵᠦ᠂ ᠵᠠᠯᠠᠭᠤ ᠪᠦᠰᠡᠭᠦᠶᠢᠴᠤᠤᠯ ᠠᠬᠠᠮᠠᠳ ᠦᠶ᠎ᠡ ᠶᠢᠨ ᠬᠢᠨ ᠠᠴᠠ ᠪᠠᠨ ᠤᠳᠠᠰᠦ ᠪᠡᠭᠡᠷᠡᠬᠦ᠂ ᠲᠡᠭᠡᠰᠦ ᠲᠠᠮᠤᠬᠤ ᠵᠡᠷᠭᠡ ᠤᠯᠠᠮᠵᠢᠯᠠᠯᠳᠦ ᠮᠠᠯᠵᠢᠬᠤ ᠠᠮᠢᠳᠤᠷᠠᠯ ᠤᠨ ᠤᠷ᠎ᠠ ᠮᠡᠷᠭᠡᠵᠢᠯ ᠢ ᠵᠢᠭᠠᠯᠭᠠᠨ ᠰᠤᠷᠤᠯᠴᠠᠭᠰᠠᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠤᠯᠤᠭᠰᠠᠨ ᠪᠠᠶᠢᠨ᠎ᠠ᠃      ᠮᠠᠯᠴᠢᠨ ᠮᠤᠩᠭᠤᠯ ᠪᠦᠰᠡᠭᠦᠶᠢᠴᠤᠳ ᠭᠠᠷ ᠤᠨ ᠤᠷ᠎ᠠ ᠪᠠᠨ ᠭᠠᠶᠢᠬᠠᠭᠤᠯᠤᠭᠰᠠᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠠᠨ ᠪᠠᠶᠠᠷᠯᠠᠨ ᠪᠡᠯᠭᠡᠯᠡᠵᠦ᠂ ᠵᠠᠯᠠᠭᠤ ᠨᠢᠭᠡ ᠦᠶ᠎ᠡ ᠶᠢᠨ ᠬᠢᠨ ᠳᠤ ᠪᠠᠨ ᠲᠠᠪᠤᠨ ᠬᠤᠰᠢᠭᠤ ᠮᠠᠯ ᠤᠨ ᠠᠰᠢᠭ ᠰᠢᠮ᠎ᠡ ᠪᠠᠨ ᠠᠰᠢᠭᠯᠠᠨ ᠬᠡᠷᠡᠭᠯᠡᠭᠦ ᠶᠢ ᠤᠷᠢᠶᠠᠯᠠᠵᠠᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号