| | ᠰᠤᠷᠪᠤᠯᠵᠢᠯᠠᠭᠰᠠᠨ ᠵᠣᠴᠢᠨ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠵᠠᠩ ᠵᠧᠨ ᠵᠢᠶᠦ᠋ᠨ | ᠰᠤᠷᠪᠤᠯᠵᠢᠯᠠᠭᠰᠠᠨ ᠴᠠᠭ᠄ 2021 ᠣᠨ ᠤ 2 ᠰᠠᠷ᠎ᠠ ᠶᠢᠨ 26 ᠤ ᠡᠳᠦᠷ | ᠬᠥᠲᠥᠯᠥᠭᠴᠢ᠄ | ᠮᠠᠨ ᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ 2021 ᠣᠨ ᠤ ᠨᠢᠭᠡᠳᠦᠭᠡᠷ ᠤᠯᠠᠷᠢᠯ ᠤᠨ ᠭᠤᠤᠯ ᠠᠵᠢᠯ ᠢᠶᠠᠨ ᠥᠷᠨᠢᠭᠦᠯᠦᠭᠰᠡᠨ ᠪᠠᠶᠢᠳᠠᠯ ᠢ | ᠲᠠᠨᠢᠯᠴᠠᠭᠤᠯᠤᠨ᠎ᠠ ᠤᠤ︖ | ᠵᠣᠴᠢᠨ᠄ | | 2021 ᠣᠨ ᠳᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡ ᠪᠠ 2035 | ᠣᠨ ᠤ ᠠᠯᠤᠰ ᠤᠨ ᠬᠠᠷᠠᠯᠲᠠ ᠶᠢᠨ ᠲᠤᠬᠠᠶ ᠰᠠᠨᠠᠭᠤᠯᠭ᠎ᠠ︾ ᠵᠢᠴᠢ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ | ᠠᠬᠤᠶ ᠶᠢᠨ ᠠᠵᠢᠯ ᠤᠨ ᠬᠤᠷᠠᠯ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠲᠤᠬᠠᠭᠠᠯᠭ᠎ᠠ ᠪᠠᠯᠭᠠᠰᠤ ᠶᠢᠨ ᠬᠤᠲᠠ ᠪᠠᠯᠭᠠᠰᠤ ᠶᠢᠨ ᠬᠥᠭᠵᠢᠯᠲᠡ ᠶᠢᠨ | ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠲᠠ ᠶᠢᠨ ᠳᠦᠷᠢ ᠲᠥᠷᠬᠦ ᠶᠢ ᠤᠯᠠᠮ ᠨᠢᠭᠡ ᠠᠯᠬᠤᠮ | ᠰᠠᠶᠢᠵᠢᠷᠠᠭᠤᠯᠬᠤ᠂ ᠳᠠᠭᠠᠭᠠᠬᠤ ᠴᠢᠳᠠᠪᠤᠷᠢ ᠪᠠ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ ᠶᠡᠬᠡᠪᠡᠷ ᠬᠡᠷᠡᠭᠵᠢᠭᠦᠯᠵᠦ᠂ ᠪᠠᠲᠤᠬᠠᠭᠠᠯᠭ᠎ᠠ ᠪᠠᠯᠭᠠᠰᠤ ᠶᠢᠨ | ᠬᠠᠭᠤᠴᠢᠨ ᠬᠤᠲᠠ ᠶᠢᠨ ᠲᠣᠭᠤᠷᠢᠭ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠭᠦᠨᠵᠡᠭᠡᠶ | ᠠᠬᠢᠭᠤᠯᠵᠤ᠂ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠤᠳᠤ ᠨᠢᠭᠡᠳᠦᠭᠡᠷ ᠤᠯᠠᠷᠢᠯ ᠤᠨ | ᠠᠵᠢᠯ ᠢ ᠥᠷᠨᠢᠭᠦᠯᠦᠭᠰᠡᠨ ᠪᠠᠶᠢᠳᠠᠯ ᠢ ᠳᠣᠣᠷᠠᠬᠢ ᠮᠡᠲᠦ ᠬᠠᠷᠢᠭᠤ ᠮᠡᠳᠡᠭᠦᠯᠦᠶ᠎ᠡ᠄ | ᠨᠢᠭᠡ᠂ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ | ︵ᠨᠢᠭᠡ︶ ᠰᠠᠨᠠᠭᠠᠴᠢᠯᠠᠭ᠎ᠠ ᠠᠴᠠ ᠪᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠵᠤ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶ᠋ᠯ ᠢ ᠢᠳᠡᠪᠬᠢᠲᠡᠶ | ᠲᠥᠯᠥᠪᠵᠢᠭᠦᠯᠦᠨ᠎ᠡ᠃ | ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠦᠬᠦ ᠬᠡᠯᠬᠢᠶ᠎ᠡ ᠪᠦᠬᠦ ᠠᠵᠢᠯ ᠦᠢᠯᠡᠰ ᠪᠦᠬᠦ | ᠴᠠᠭ ᠤᠨ ᠪᠦᠬᠦ ᠠᠵᠢᠯᠲᠠᠨ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠪᠣᠭᠤᠮᠲᠠ ᠰᠢᠪᠲᠤᠯᠬᠤ ᠠᠵᠢᠯᠯᠠᠭ᠎ᠠ ᠶᠢ | ᠪᠦᠬᠦ ᠲᠠᠯ᠎ᠠ ᠪᠠᠷ ᠠᠬᠢᠭᠤᠯᠬᠤ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠮᠠᠨ ᠤ ᠲᠣᠪᠴᠢᠶ᠎ᠠ | ᠠᠷᠠᠯᠵᠢᠶᠠᠴᠢᠨ ᠤᠷᠢᠬᠤ᠂ ᠲᠥᠷᠥᠯ ᠵᠦᠢᠯ ᠢ ᠠᠳᠬᠤᠬᠤ ᠶᠠᠪᠤᠳᠠᠯ ᠢ ᠣᠳᠣᠬᠠᠨ ᠤ ᠠᠵᠢᠯ ᠤᠨ ᠢᠶᠠᠨ ᠲᠡᠷᠢᠭᠦᠨ | ᠴᠢᠬᠤᠯᠠ ᠡᠭᠦᠷᠭᠡ ᠪᠣᠯᠭᠠᠵᠤ᠂ ︽ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ︾ ᠪᠠᠷ ᠭᠤᠤᠯᠳᠠᠯᠭ᠎ᠠ ᠪᠣᠯᠭᠠᠨ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠣᠲᠣ ᠪᠣᠯᠲᠠᠯ᠎ᠠ᠂ | ᠪᠥᠸᠧ ᠲᠤᠩ ᠡᠨᠧᠷᠭᠢ ᠶᠢᠨ ︵ᠪᠤᠭᠤᠲᠤ︶ ᠶᠢᠨ ᠬᠢᠵᠠᠭᠠᠷᠲᠤ ᠺᠣᠮᠫᠠᠨᠢ ᠶᠢ 3000 ᠲᠦᠮᠡᠨ ᠲᠥᠭᠦᠷᠢᠭ | ᠣᠷᠣᠭᠤᠯᠤᠨ ᠠᠪᠴᠢᠷᠠᠵᠤ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠣᠩ ᠤᠨ ᠲᠥᠷᠥᠯ ᠵᠦᠶ᠋ᠯ ᠢ ᠪᠥᠲᠥᠭᠡᠨ | ᠪᠠᠶᠢᠭᠤᠯᠵᠤ᠂ ᠬᠤᠸᠠ ᠳ᠋ᠦᠩᠰᠢᠭᠤᠷ ᠪᠠᠶᠢᠭᠠᠯᠢ ᠶᠢᠨ ᠰᠢᠲᠠᠮᠠᠬᠠᠶ ᠬᠡᠶ ᠶᠢᠨ ᠺᠣᠮᠫᠠᠨᠢ 1000 ᠲᠦᠮᠡᠨ ᠲᠥᠭᠦᠷᠢᠭ | ᠪᠠᠯᠠ ᠣᠷᠣᠭᠤᠯᠵᠤ ᠮᠠᠨᠳᠤᠯᠠᠭ᠎ᠠ ᠬᠡᠶ ᠶᠢᠨ ᠥᠷᠲᠡᠭᠡ ᠪᠠᠶᠢᠭᠤᠯᠬᠤ ᠲᠥᠷᠥᠯ ᠵᠦᠶ᠋ᠯ ᠢ ᠪᠥᠲᠥᠭᠡᠨ ᠪᠠᠶᠢᠭᠤᠯᠵᠤ᠂ | ᠳᠠᠷᠬᠠᠨ ᠮᠤᠤᠮᠢᠩᠭᠠᠨ ᠬᠤᠰᠢᠭᠤ ᠪᠣᠯᠤᠨ ᠵᠢᠩᠬᠢᠨᠢ ᠪᠤᠲ᠋ᠤᠨ ᠤ ᠺᠣᠮᠫᠠᠨᠢ 5000 ᠲᠦᠮᠡᠨ ᠲᠥᠭᠦᠷᠢᠭ ᠪᠠᠯᠠ | ᠣᠷᠣᠭᠤᠯᠵᠤ ᠫᠦᠳᠦ᠋ᠩ ᠪᠠᠭᠤᠳᠠᠯ ᠤᠨ ᠲᠥᠷᠥᠯ ᠵᠦᠶ᠋ᠯ ᠢ ᠪᠥᠲᠥᠭᠡᠨ ᠪᠠᠶᠢᠭᠤᠯᠪᠠ᠃ | 2021 ᠣᠨ ᠳᠤ᠂ ᠮᠠᠨ ᠤ ᠲᠣᠪᠴᠢ᠊ ᠡᠶ᠎ᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠨᠡᠶᠢᠭᠡᠮ ᠤᠨ ᠪᠡᠯᠡ | ᠣᠷᠣᠭᠤᠯᠤᠯᠲᠠ ᠶᠢᠨ ᠲᠦᠷᠦᠯ ᠵᠦᠢᠯ ᠪᠣᠯᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ 5000 | ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ 3 ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 2.1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ | ᠳᠣᠲᠣᠷ᠎ᠠ 0.788 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ | ᠡᠭᠦᠨ ᠳᠤ ᠨᠡᠶᠢᠭᠡᠮ ᠤᠨ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶ᠋ᠯ 1 ᠪᠠᠶᠢᠵᠤ᠂ ᠯᠢ ᠶᠤᠸᠠᠨ | ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠶ᠋ᠯ ᠪᠣᠯᠤᠨ᠎ᠠ︔ ᠵᠠᠰᠠᠭ ᠤᠨ ᠣᠷᠳᠣᠨ ᠤ | ᠪᠠᠯᠠ ᠣᠷᠣᠭᠤᠯᠤᠯᠲᠠ ᠶᠢᠨ ᠲᠥᠷᠥᠯ ᠵᠦᠶ᠋ᠯ 2 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 1 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 0.588 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ᠂ ᠪᠠᠲᠤᠬᠠᠭᠠᠯᠭ᠎ᠠ ᠶᠢᠨ ᠭᠠᠵᠠᠷ ᠳᠣᠤᠷᠠᠬᠢ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠲᠥᠷᠥᠯ ᠵᠦᠶ᠋ᠯ ᠪᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | 2021 ᠣᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠶ᠋ᠯ ᠪᠣᠯᠭᠠᠨ᠎ᠠ᠃ | ᠣᠳᠣᠬᠠᠨ ᠳᠤ᠂ ᠯᠢ ᠶᠤᠸᠠᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ ᠲᠥᠷᠥᠯ | ᠵᠦᠶ᠋ᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2021 ᠣᠨ ᠤ ᠬᠠᠭᠤᠴᠢᠨ ᠵᠢᠵᠢᠭ | ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠶ᠋ᠯ ᠤᠨ ᠭᠠᠷᠳᠠᠮ ᠢ 100% ᠪᠠᠷ ᠭᠦᠶ᠋ᠴᠡᠳᠬᠡᠵᠦ᠂ | ᠵᠢᠱᠢᠯᠲᠡ ᠪᠠᠷ 4 ᠰᠠᠷ᠎ᠠ ᠳᠤ ᠠᠵᠢᠯ ᠡᠬᠢᠯᠡᠭᠦᠯᠦᠨ᠎ᠡ︔ ᠪᠠᠲᠤᠬᠠᠭᠠᠯᠭ᠎ᠠ ᠪᠠᠯᠭᠠᠰᠤᠨ ᠤ ᠭᠠᠵᠠᠷ ᠳᠣᠤᠷᠠᠬᠢ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠲᠥᠷᠥᠯ ᠵᠦᠶ᠋ᠯ ᠳᠤ ᠨᠢᠭᠡᠨᠲᠡ ᠲᠥᠷᠥᠯ ᠵᠦᠶ᠋ᠯ | ᠲᠣᠭᠲᠠᠭᠠᠬᠤ᠂ ᠭᠠᠵᠠᠷ ᠰᠢᠷᠣᠶ᠂ ᠲᠥᠯᠥᠪᠵᠢᠭᠦᠯᠭᠡ ᠶᠢᠨ ᠭᠠᠷᠳᠠᠮ ᠢ ᠭᠦᠶ᠋ᠴᠡᠳᠬᠡᠵᠦ᠂ ᠣᠲᠣ ᠶᠠᠭ ᠲᠥᠷᠥᠯ | ᠵᠦᠶ᠋ᠯ ᠤᠨ ᠵᠢᠷᠤᠭ ᠲᠥᠯᠥᠪᠯᠡᠭᠡ ᠶᠢ ᠬᠢᠵᠦ ᠪᠣᠶ᠂ ᠵᠢᠱᠢᠯᠲᠡ ᠪᠠᠷ 5 ᠰᠠᠷ᠎ᠠ ᠳᠤ ᠠᠵᠢᠯ ᠡᠬᠢᠯᠡᠨ᠎ᠡ︔ | ᠡᠩ ᠤᠨ ᠲᠥᠷᠥᠯ ᠤᠨ ᠬᠤᠲᠠ ᠪᠠᠯᠭᠠᠰᠤ ᠶᠢᠨ 8 ᠲᠥᠷᠥᠯ ᠵᠦᠶ᠋ᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 8921 ᠲᠦᠮᠡᠨ ᠲᠥᠭᠦᠷᠢᠭ ᠪᠠᠶᠢᠵᠤ᠂ ᠵᠢᠯ ᠤᠨ ᠳᠣᠲᠣᠷ᠎ᠠ | 6421 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ 4 | ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠪᠠᠶᠢᠵᠤ᠂ ᠨᠡᠶᠢᠲᠡ 8300 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠵᠢᠯ ᠤᠨ ᠳᠣᠲᠣᠷ᠎ᠠ 5800 ᠲᠦᠮᠡᠨ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠂ ᠲᠣᠰ ᠲᠣᠰ᠄ ᠪᠠᠲᠤᠬᠠᠭᠠᠯᠭ᠎ᠠ ᠪᠠᠯᠭᠠᠰᠤᠨ ᠤ ᠢᠯᠴᠢ | ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠳ᠋ᠢᠩ ᠲᠠᠢ ᠢᠯᠴᠢ ᠶᠢᠨ ᠬᠦᠴᠦᠨ ᠤ ᠺᠣᠮᠫᠠᠨᠢ ᠶᠢᠨ ᠪᠠᠭᠲᠠᠭᠠᠮᠵᠢ ᠶᠢ ᠥᠷᠭᠡᠳᠬᠡᠬᠦ ᠲᠥᠷᠥᠯ ᠵᠦᠶ᠋ᠯ᠂ | ᠬᠤᠸᠠ ᠳ᠋ᠦᠩᠰᠢᠭᠤᠷ ᠪᠠᠶᠢᠭᠠᠯᠢ ᠶᠢᠨ ᠰᠢᠲᠠᠮᠠᠬᠠᠶ ᠬᠡᠶ ᠶᠢᠨ ᠮᠠᠨᠳᠤᠯᠠᠭ᠎ᠠ ᠬᠡᠶ ᠶᠢᠨ ᠥᠷᠲᠡᠭᠡ ᠶᠢᠨ ᠲᠥᠷᠥᠯ ᠵᠦᠶ᠋ᠯ᠂ | ᠫᠦᠳᠦ᠋ᠩ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ︔ ᠵᠠᠰᠠᠭ ᠤᠨ ᠣᠷᠳᠣᠨ ᠠᠴᠠ 4 | ᠲᠥᠷᠥᠯ ᠵᠦᠶ᠋ᠯ ᠳᠤ ᠪᠠᠯᠠ ᠣᠷᠣᠭᠤᠯᠵᠤ᠂ ᠨᠡᠶᠢᠲᠡ 621 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠢᠯ ᠤᠨ | ᠳᠣᠲᠣᠷ᠎ᠠ 621 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠂ ᠲᠣᠰ | ᠲᠣᠰ᠄ ᠪᠠᠲᠤᠬᠠᠭᠠᠯᠭ᠎ᠠ ᠪᠠᠯᠭᠠᠰᠤ ᠶᠢᠨ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢ ᠥᠭᠡᠷᠡᠴᠢᠯᠡᠬᠦ ᠲᠥᠷᠥᠯ | ᠵᠦᠶ᠋ᠯ᠂ ᠪᠠᠲᠤᠬᠠᠭᠠᠯᠭ᠎ᠠ ᠪᠠᠯᠭᠠᠰᠤ ᠶᠢᠨ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠬᠤ ᠲᠥᠷᠥᠯ ᠵᠦᠶ᠋ᠯ᠂ ᠪᠠᠲᠤᠬᠠᠭᠠᠯᠭ᠎ᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠤᠷ ᠤᠨ | ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠲᠥᠷᠥᠯ ᠵᠦᠶ᠋ᠯ᠂ ᠮᠠᠯᠵᠢᠬᠤ ᠲᠠᠷᠢᠶᠠᠯᠠᠬᠤ ᠣᠷᠣᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠷᠥᠯ ᠵᠦᠶ᠋ᠯ ᠪᠣᠯᠤᠨ᠎ᠠ᠃ | ᠳᠡᠭᠡᠷ᠎ᠡ ᠳᠤᠷᠠᠳᠤᠭᠰᠠᠨ ᠵᠦᠢᠯᠡᠰ ᠢ ᠬᠡᠷᠡᠭᠵᠢᠭᠦᠯᠦᠭᠰᠡᠨ ᠨᠢ ᠪᠠᠲᠤᠬᠠᠭᠠᠯᠭ᠎ᠠ ᠪᠠᠯᠭᠠᠰᠤ ᠪᠠᠷ ᠴᠢᠬᠤᠯᠠ | ᠠᠴᠢᠶᠠᠯᠠᠪᠤᠷᠢ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ | ᠲᠦᠢᠯ ᠤᠨ ᠶᠡᠭᠡ ᠪᠠᠷ ᠲᠦᠯᠬᠢᠨ ᠠᠬᠢᠭᠤᠯᠬᠤ ᠪᠣᠯᠤᠨ᠎ᠠ᠃ | ︵ᠬᠤᠶᠠᠷ︶ ᠰᠢᠨ᠎ᠡ ᠮᠠᠶ᠋ᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠷᠥᠯ ᠵᠦᠶ᠋ᠯ ᠤᠨ | ᠠᠷᠠᠴᠢᠯᠠᠨ ᠬᠠᠮᠠᠭᠠᠯᠠᠬᠤ | ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠠᠵᠤ ᠠᠬᠤᠶᠢᠯᠠᠯ ᠠᠵᠢᠯᠯᠠᠬᠤ᠂ ᠵᠠᠰᠠᠭ ᠠᠵᠤ | ᠠᠬᠤᠶᠢᠯᠠᠯ ᠢ ᠰᠠᠯᠭᠠᠬᠤ᠂ ᠬᠠᠮᠢᠶᠠᠷᠬᠤ ᠪᠠ ᠲᠡᠵᠢᠭᠡᠬᠦ ᠶᠢ ᠰᠠᠯᠭᠠᠬᠤ᠂ ᠥᠪᠡᠷ ᠤᠨ ᠥᠷᠲᠡᠭ ᠢ ᠠᠷᠪᠢᠯᠠᠬᠤ︾ | ᠵᠠᠷᠴᠢᠮ ᠶᠣᠰᠣᠭᠠᠷ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ᠂ ᠠᠵᠢᠯᠯᠠᠭᠠᠨ ᠨᠢ ᠥᠨᠳᠥᠷ ᠪᠦᠲᠦᠮᠵᠢᠲᠡᠶ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠳᠦᠷᠦᠯ ᠵᠦᠢᠯ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠬᠤ ᠶᠢᠨ ᠲᠥᠯᠥᠭᠡ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ | ᠪᠠᠯᠭᠠᠰᠤᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠡᠷᠡᠭᠵᠢᠭᠦᠯᠬᠦ ᠲᠥᠰᠦᠯ | ︾ ᠢ ᠲᠤᠭᠤᠷᠪᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ | ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠺᠣᠮᠫᠠᠨᠢ ᠪᠠᠶᠢᠭᠤᠯᠬᠤ ᠪᠠᠷ ᠲᠥᠯᠥᠪᠯᠡᠵᠦ᠂ ᠮᠠᠨ ᠤ | ᠲᠣᠪᠴᠢᠶ᠎ᠠ ᠶᠢᠨ ᠬᠠᠷᠢᠭᠤᠴᠠᠵᠤ ᠪᠠᠶᠢᠭ᠎ᠠ 19 ᠴᠡᠴᠡᠷᠯᠢᠭ ᠤᠨ ᠨᠣᠭᠤᠭᠠᠷᠠᠭᠤᠯᠤᠯᠲᠠ ᠶᠢᠨ ᠳᠦᠷᠦᠯ ᠵᠦᠢᠯ ᠳᠤ | ᠬᠠᠮᠢᠶᠠᠷᠤᠯᠲᠠ ᠠᠷᠠᠴᠢᠯᠠᠯᠲᠠ ᠬᠢᠵᠦ᠂ ᠠᠷᠠᠴᠢᠯᠠᠨ ᠬᠠᠮᠠᠭᠠᠯᠠᠬᠤ ᠠᠵᠢᠯ ᠤᠨ ᠪᠠᠷᠢᠮᠵᠢᠶ᠎ᠠ ᠶᠢ ᠴᠢᠩᠳᠠᠯᠠᠵᠤ᠂ ᠮᠠᠨ ᠤ | ᠬᠤᠰᠢᠭᠤᠨ ᠤ ᠴᠡᠴᠡᠷᠯᠢᠭ ᠤᠨ ᠦᠢᠯᠡᠰ ᠤᠨ ᠪᠦᠭᠦ ᠲᠠᠯ᠎ᠠ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠠᠷ | ᠪᠠᠶᠢᠨ᠎ᠠ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠢᠴᠢ ᠬᠠᠤᠯᠢ ᠠᠴᠠ ᠵᠥᠷᠢᠴᠡᠨ ᠪᠥᠲᠥᠭᠡᠨ ᠪᠠᠶᠢᠭᠤᠯᠵᠤ | ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠬᠦ ᠲᠤᠰᠬᠠᠶ ᠵᠦᠶ᠋ᠯ ᠤᠨ ᠢᠯᠭᠠᠷᠠᠭᠤᠯᠤᠨ ᠪᠠᠶᠢᠴᠠᠭᠠᠬᠤ ᠠᠵᠢᠯ ᠢ | ᠪᠥᠬᠦ ᠲᠠᠯ᠎ᠠ ᠪᠠᠷ ᠥᠷᠨᠢᠭᠦᠯᠦᠨ᠎ᠡ | ᠪᠥᠬᠦ ᠬᠤᠰᠢᠭᠤᠨ ᠤ 11 ᠰᠤᠮᠤ ᠰᠢᠶᠠᠩ ᠪᠠᠯᠭᠠᠰᠤ ︵ᠪᠠᠲᠤᠬᠠᠭᠠᠯᠭ᠎ᠠ ᠪᠠᠯᠭᠠᠰᠤ ᠵᠢᠭᠰᠠᠭᠠᠨ | ᠪᠠᠶᠢᠴᠠᠭᠠᠬᠤ ᠬᠡᠪᠴᠢᠶᠡᠨ ᠳᠤ ᠪᠠᠶᠢᠬᠤ ᠥᠬᠡᠶ︶ ᠶᠢᠨ 73 ᠵᠠᠰᠠᠭ ᠵᠠᠬᠢᠷᠭᠠᠨ ᠤ ᠲᠣᠰᠬᠤᠨ ᠤ ᠮᠠᠯᠵᠢᠬᠤ ᠲᠠᠷᠢᠶᠠᠯᠠᠬᠤ | ᠣᠷᠣᠨ ᠤ ᠡᠵᠡᠩᠨᠡᠵᠦ ᠪᠠᠶᠢᠭ᠎ᠠ ᠥᠪᠡᠰᠦᠪᠡᠨ ᠪᠠᠷᠢᠭᠰᠠᠨ ᠬᠡᠷ ᠪᠠᠶᠢᠰᠢᠩ᠂ ᠭᠠᠵᠠᠷ ᠤᠨ ᠭᠠᠶ ᠭᠠᠮᠰᠢᠭ ᠠᠮᠠᠷᠬᠠᠨ | ᠡᠭᠦᠰᠳᠡᠭ ᠭᠠᠵᠠᠷ ᠣᠷᠣᠨ ᠤ ᠬᠡᠷ ᠪᠠᠶᠢᠰᠢᠩ ᠪᠣᠯᠤᠨ ᠣᠯᠠᠨ ᠨᠡᠶᠢᠲᠡ ᠶᠢᠨ ᠦᠶ᠋ᠯᠡᠴᠢᠯᠡᠭᠡᠨ ᠳᠤ ᠬᠤᠯᠪᠣᠭᠳᠠᠬᠤ ᠬᠡᠷ | ᠪᠠᠶᠢᠰᠢᠩ ᠳᠤ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠯᠲᠠ ᠬᠢᠨ᠎ᠠ᠃ ᠣᠲᠣ ᠪᠣᠯᠲᠠᠯ᠎ᠠ᠂ ᠨᠡᠶᠢᠲᠡ 2198 | ᠡᠷᠦᠬᠡ ᠶᠢ ᠵᠢᠭᠰᠠᠭᠠᠨ ᠪᠠᠶᠢᠴᠠᠭᠠᠵᠤ᠂ ᠡᠭᠦᠨ ᠤ ᠳᠣᠲᠣᠷ᠎ᠠ ᠥᠪᠡᠰᠦᠪᠡᠨ ᠪᠠᠷᠢᠭᠰᠠᠨ 589 ᠡᠷᠦᠬᠡ ᠶᠢᠨ | ᠡᠵᠡᠩᠨᠡᠯᠲᠡ ᠳᠤ ᠬᠡᠷᠡᠭᠯᠡᠵᠦ᠂ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠷᠢᠭᠰᠠᠨ 1539 ᠡᠷᠦᠬᠡ ᠶᠢᠨ | ᠥᠪᠡᠰᠦᠪᠡᠨ ᠪᠠᠷᠢᠭᠰᠠᠨ ᠬᠡᠷ ᠪᠠᠶᠢᠰᠢᠩ᠂ ᠥᠪᠡᠰᠦᠪᠡᠨ ᠪᠠᠷᠢᠭᠰᠠᠨ ᠪᠤᠰᠤ 71 ᠡᠷᠦᠬᠡ ᠶᠢᠨ ᠥᠪᠡᠰᠦᠪᠡᠨ | ᠪᠠᠷᠢᠭᠰᠠᠨ ᠬᠡᠷ ᠪᠠᠶᠢᠰᠢᠩ ᠨᠢ 5 ᠰᠠᠷ᠎ᠠ ᠶᠢᠨ ᠰᠡᠭᠦᠯᠴᠢ ᠠᠴᠠ ᠡᠮᠦᠨ᠎ᠡ ᠵᠢᠭᠰᠠᠭᠠᠨ ᠪᠠᠶᠢᠴᠠᠭᠠᠬᠤ ᠡᠭᠦᠷᠭᠡ ᠪᠠᠨ | ᠪᠡᠶᠡᠯᠡᠭᠦᠯᠦᠭᠰᠡᠨ ᠪᠠᠶᠢᠨ᠎ᠠ᠃ ᠪᠥᠬᠦ ᠬᠤᠰᠢᠭᠤᠨ ᠤ ᠬᠠᠤᠯᠢ ᠠᠴᠠ ᠵᠥᠷᠢᠴᠡᠨ ᠪᠥᠲᠥᠭᠡᠨ ᠪᠠᠶᠢᠭᠤᠯᠵᠤ᠂ | ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠭᠰᠡᠨ 1413 ᠪᠠᠷᠢᠯᠭ᠎ᠠ ᠶᠢ ᠵᠢᠭᠰᠠᠭᠠᠨ ᠪᠠᠶᠢᠴᠠᠭᠠᠵᠤ᠂ 174.4 | ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢᠨ ᠲᠠᠯᠠᠪᠠᠶ ᠶᠢ ᠵᠢᠭᠰᠠᠭᠠᠨ ᠪᠠᠶᠢᠴᠠᠭᠠᠪᠠ᠃ ᠮᠠᠨ ᠤ | ᠲᠣᠪᠴᠢᠶ᠎ᠠ ᠣᠳᠣ ᠶᠠᠭ ᠲᠤᠰᠬᠠᠶ ᠬᠥᠮᠦᠨ ᠢ ᠵᠣᠬᠢᠶᠠᠨ ᠪᠠᠶᠢᠭᠤᠯᠵᠤ ᠳᠡᠭᠡᠷ᠎ᠡ ᠳᠤᠷᠠᠳᠤᠭᠰᠠᠨ ᠠᠮᠤᠷ ᠲᠦᠪᠰᠢᠨ ᠤ | ᠳᠠᠯᠳᠠ ᠬᠡᠮ ᠣᠷᠣᠰᠢᠵᠤ ᠪᠠᠶᠢᠭ᠎ᠠ ᠭᠡᠷ ᠪᠠᠶᠢᠰᠢᠩ ᠢ ᠳᠠᠬᠢᠨ ᠬᠢᠨᠠᠵᠤ ᠪᠠᠶᠢᠨ᠎ᠠ᠃ | ︵ᠳᠥᠷᠪᠡ︶ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ | ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ | ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠨᠢᠭᠡ ᠵᠦᠶ᠋ᠯ ᠤᠨ ᠤᠯᠤᠰ ᠲᠥᠷᠥ ᠶᠢᠨ | ᠡᠭᠦᠷᠭᠡ ᠪᠣᠯᠭᠠᠨ ᠠᠳᠬᠤᠵᠤ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠬᠢᠨᠠᠨ ᠵᠥᠪᠰᠢᠶᠡᠷᠡᠬᠦ ᠪᠠᠷ ᠬᠠᠮᠤᠭ ᠤᠨ ᠴᠥᠭᠡᠨ᠂ | ᠦᠶ᠋ᠯᠡᠴᠢᠯᠡᠭᠡ ᠪᠠᠷ ᠬᠠᠮᠤᠭ ᠤᠨ ᠰᠠᠶᠢᠨ᠂ ᠬᠤᠷᠳᠤᠴᠠ ᠪᠠᠷ ᠬᠠᠮᠤᠭ ᠤᠨ ᠲᠦᠷᠭᠡᠨ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠨᠢᠭᠡ ᠳᠤ ᠠᠵᠢᠯ ᠤᠨ ᠲᠤᠰᠬᠠᠶ ᠠᠩᠭᠢ | ᠭᠠᠷᠭᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠡᠯ᠎ᠡ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠲᠠᠲᠠᠵᠤ | ᠲᠥᠪᠯᠡᠷᠡᠭᠦᠯᠦᠨ ᠠᠵᠢᠯᠯᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠰᠠᠭᠤᠷᠢ ᠲᠠᠯᠪᠢᠵᠤ ᠥᠭᠭᠦᠨ᠎ᠡ᠃ ᠬᠤᠶᠠᠷ ᠲᠤ ︽ᠡᠮᠦᠨ᠎ᠡ | ᠲᠠᠪᠴᠠᠩ ᠳᠤ ᠭᠥᠯᠢᠶᠡᠨ ᠠᠪᠴᠤ ᠰᠢᠶ᠋ᠳᠪᠦᠷᠢᠯᠡᠬᠦ᠂ ᠠᠷᠤ ᠲᠠᠪᠴᠠᠩ ᠳᠤ ᠬᠢᠨᠠᠨ ᠬᠠᠷᠭᠤᠭᠤᠯᠬᠤ︾ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠪᠡ᠂ ᠡᠭᠦᠨ ᠳᠤ ᠨᠡᠶᠢᠭᠡᠮ ᠤᠨ | ᠪᠠᠯᠠ ᠣᠷᠣᠭᠤᠯᠤᠯᠲᠠ ᠶᠢᠨ ᠲᠥᠬᠦᠮ ᠪᠥᠭᠡᠳ ᠠᠶᠤᠯ ᠲᠦᠭᠰᠢᠭᠦᠷᠢ ᠪᠠᠭᠠᠲᠠᠶ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠵᠦᠶ᠋ᠯᠡᠰ ᠤᠨ ᠭᠤᠤᠯ ᠴᠤᠪᠤᠷᠠᠯ ᠤᠨ ᠬᠢᠨᠠᠨ ᠵᠥᠪᠰᠢᠶᠡᠷᠡᠬᠦ ᠴᠠᠭ ᠢ 12 ᠠᠵᠢᠯᠯᠠᠬᠤ ᠡᠳᠦᠷ ᠤᠨ | ᠳᠣᠲᠣᠷ᠎ᠠ ᠬᠠᠰᠤᠵᠤ ᠳᠠᠭᠤᠰᠬᠠᠨ᠎ᠠ︔ ᠨᠡᠶᠢᠭᠡᠮ ᠤᠨ ᠪᠠᠯᠠ ᠣᠷᠣᠭᠤᠯᠤᠯᠲᠠ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶ᠋ᠯ ᠤᠨ ᠭᠤᠤᠯ ᠴᠤᠪᠤᠷᠠᠯ ᠤᠨ ᠬᠢᠨᠠᠨ ᠵᠥᠪᠰᠢᠶᠡᠷᠡᠬᠦ ᠴᠠᠭ ᠢ 100 ᠠᠵᠢᠯᠯᠠᠬᠤ | ᠡᠳᠦᠷ ᠪᠠᠶᠢᠭᠰᠠᠨ ᠠᠴᠠ 30᠂ 20᠂ 25 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠦᠨ᠎ᠡ︔ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ | ᠭᠤᠤᠯ ᠴᠤᠪᠤᠷᠠᠯ ᠤᠨ ᠬᠢᠨᠠᠨ ᠵᠥᠪᠰᠢᠶᠡᠷᠡᠬᠦ ᠴᠠᠭ ᠢ 100 ᠠᠵᠢᠯᠯᠠᠬᠤ ᠡᠳᠦᠷ ᠪᠠᠶᠢᠭᠰᠠᠨ ᠠᠴᠠ 55᠂ 44 | ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠦᠨ᠎ᠡ᠃ ᠭᠤᠷᠪᠠ ᠳᠤ ᠰᠦᠯᠵᠢᠶᠡᠨ ᠳᠡᠭᠡᠷ᠎ᠡ ᠭᠠᠷ ᠤᠨ ᠥᠰᠥᠭ | ᠵᠢᠷᠤᠬᠤ ᠲᠤᠬᠠᠶᠢᠯᠠᠭᠰᠠᠨ ᠠᠵᠢᠯ ᠢ ᠭᠦᠶ᠋ᠴᠡᠳᠬᠡᠬᠦ ᠶᠢ ᠬᠢᠨᠠᠨ ᠵᠥᠪᠰᠢᠶᠡᠷᠡᠬᠦ ᠭᠤᠭᠴᠤᠭ᠎ᠠ ᠶᠢ ᠳᠥᠭᠦᠮᠴᠢᠯᠡᠨ᠎ᠡ᠃ | ᠲᠠᠸᠠᠷ ᠤᠨ ᠬᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠶᠢᠨ ᠳᠡᠩᠰᠡᠯᠡᠵᠦ ᠬᠦᠴᠦᠨ ᠥᠬᠡᠶ ᠪᠣᠯᠭᠠᠬᠤ ᠲᠤᠬᠠᠶᠢᠯᠠᠭᠰᠠᠨ | ᠠᠵᠢᠯ ᠢ ᠭᠦᠶ᠋ᠴᠡᠳᠬᠡᠬᠦ ᠶᠢᠨ ᠭᠦᠶ᠋ᠴᠡᠳᠬᠡᠬᠦ ᠴᠠᠭ ᠤᠨ ᠬᠢᠵᠠᠭᠠᠷ ᠢ ᠤᠤᠯ ᠤᠨ 3 ᠠᠵᠢᠯᠯᠠᠬᠤ ᠡᠳᠦᠷ ᠠᠴᠠ 1 | ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠪᠣᠳᠠᠲᠠᠶ ᠪᠠᠶᠢᠳᠠᠯ ᠢ ᠦᠨᠳᠦᠰᠦᠯᠡᠨ ᠭᠦᠶ᠋ᠴᠡᠳᠬᠡᠬᠦ ᠴᠠᠭ ᠤᠨ ᠬᠢᠵᠠᠭᠠᠷ ᠢ | ᠳᠠᠷᠦ᠋ᠢᠬᠠᠨ ᠭᠦᠶ᠋ᠴᠡᠳᠬᠡᠬᠦ ᠵᠦᠶ᠋ᠯ ᠳᠤ ᠬᠦᠷᠲᠡᠯ᠎ᠡ ᠲᠦᠷᠭᠡᠳᠬᠡᠵᠦ ᠪᠣᠯᠤᠨ᠎ᠠ᠃ ᠲᠦᠷᠪᠡ ᠳᠤ ᠲᠠᠸᠠᠷ ᠤᠨ ᠭᠡᠷ | ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠴᠢᠬᠤᠯᠠ ᠨᠥᠬᠦᠴᠡᠯ ᠢ ᠴᠣᠮᠬᠠᠳᠬᠠᠵᠤ᠂ | ᠰᠢᠶ᠋ᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠢ ᠤᠤᠯ ᠤᠨ ᠬᠠᠤᠯᠢ ᠳᠤ ᠲᠣᠭᠲᠠᠭᠠᠭᠰᠠᠨ 4 ᠠᠵᠢᠯ ᠤᠨ | ᠡᠳᠦᠷ ᠠᠴᠠ ᠲᠠᠬᠢᠨ ᠴᠣᠮᠬᠠᠳᠬᠠᠵᠤ 1 ᠠᠵᠢᠯ ᠤᠨ ᠡᠳᠦᠷ ᠪᠣᠯᠭᠠᠨ᠎ᠠ᠃ ᠲᠠᠪᠤ ᠳᠤ᠂ ᠬᠠᠯᠠᠭᠤᠨ ᠴᠠᠬᠢᠯᠭᠠᠨ | ᠮᠡᠳᠡᠭᠡ ᠪᠠᠷ ᠤᠭᠰᠠᠷᠠᠬᠤ ᠶᠢ ᠳᠥᠭᠦᠮᠴᠢᠯᠡᠨ᠎ᠡ᠃ ᠬᠡᠶ ᠪᠠᠷ ᠮᠡᠳᠡᠭᠦᠯᠦᠨ ᠤᠭᠰᠠᠷᠠᠭᠤᠯᠬᠤ ᠭᠤᠭᠴᠤᠭ᠎ᠠ ᠶᠢ 2 ᠪᠣᠯᠭᠠᠨ | ᠪᠠᠭᠠᠰᠬᠠᠵᠤ᠂ ᠮᠡᠳᠡᠭᠦᠯᠦᠨ ᠤᠭᠰᠠᠷᠠᠭᠤᠯᠬᠤ ᠴᠠᠭ ᠢ 1.5 ᠠᠵᠢᠯᠯᠠᠬᠤ ᠡᠳᠦᠷ ᠤᠨ ᠳᠣᠲᠣᠷ᠎ᠠ ᠪᠣᠯᠭᠠᠨ | ᠪᠣᠭᠤᠨᠢᠰᠬᠠᠨ᠎ᠠ︔ ᠳᠤᠯᠠᠭᠠᠯᠠᠭ᠎ᠠ ᠬᠠᠩᠭᠠᠬᠤ ᠶᠢ ᠮᠡᠳᠡᠭᠦᠯᠦᠨ ᠤᠭᠰᠠᠷᠠᠭᠤᠯᠬᠤ ᠭᠤᠭᠴᠤᠭ᠎ᠠ ᠶᠢ 3 ᠪᠣᠯᠭᠠᠨ | ᠪᠠᠭᠠᠰᠬᠠᠵᠤ᠂ ᠳᠤᠯᠠᠭᠠᠯᠠᠭ᠎ᠠ ᠬᠠᠩᠭᠠᠬᠤ ᠶᠢ ᠮᠡᠳᠡᠭᠦᠯᠦᠨ ᠤᠭᠰᠠᠷᠠᠭᠤᠯᠬᠤ ᠶᠢ ᠭᠦᠶ᠋ᠴᠡᠳᠬᠡᠬᠦ ᠴᠠᠭ ᠤᠨ ᠬᠢᠵᠠᠭᠠᠷ ᠢ | 3.5 ᠠᠵᠢᠯᠯᠠᠬᠤ ᠡᠳᠦᠷ ᠤᠨ ᠳᠣᠲᠣᠷ᠎ᠠ ᠬᠦᠷᠲᠡᠯ᠎ᠡ ᠪᠠᠭᠠᠰᠬᠠᠨ᠎ᠠ᠃ ᠡᠭᠦᠨ ᠤ ᠬᠠᠮᠲᠤ᠂ ᠰᠦᠯᠵᠢᠶᠡᠨ ᠳᠡᠭᠡᠷᠡᠬᠢ | APP᠂ ᠺᠣᠳ᠋ ᠰᠢᠷᠪᠢᠵᠦ ᠳᠤᠯᠠᠭᠠᠯᠠᠬᠤ ᠵᠡᠷᠭᠡ ᠢᠨᠲ᠋ᠤᠷ ᠰᠦᠯᠵᠢᠶᠡᠨ ᠤ ᠠᠷᠭ᠎ᠠ ᠵᠠᠮ ᠤᠨ ᠴᠢᠳᠠᠮᠵᠢ ᠶᠢ | ᠳᠡᠯᠭᠡᠷᠡᠭᠦᠯᠦᠨ ᠬᠡᠷᠡᠭᠯᠡᠵᠦ᠂ ᠬᠡᠷᠡᠭᠯᠡᠭᠴᠢᠳ ᠤᠨ ᠰᠦᠯᠵᠢᠶᠡᠨ ᠳᠡᠭᠡᠷ᠎ᠡ ᠭᠤᠶᠤᠴᠢᠯᠠᠯ ᠳᠡᠪᠰᠢᠭᠦᠯᠬᠦ ᠪᠠ ᠪᠠᠶᠢᠴᠠᠭᠠᠨ | ᠯᠠᠪᠯᠠᠬᠤ ᠠᠬᠢᠴᠠ ᠳᠤ ᠲᠥᠬᠦᠮ ᠦᠵᠡᠭᠦᠯᠦᠨ᠎ᠡ᠃ ᠵᠢᠷᠭᠤᠭ᠎ᠠ ᠳᠤ ᠬᠤᠲᠠ ᠶᠢᠨ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠵᠠᠷ ᠮᠡᠳᠡᠭᠡᠨ ᠤ ᠫᠠᠶᠢᠰᠠ ᠢᠯᠡᠷᠬᠡᠶᠢᠯᠡᠯ᠂ ᠪᠠᠷᠢᠯᠭ᠎ᠠ ᠶᠢᠨ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶ᠋ᠳᠪᠦᠷᠢᠯᠡᠬᠦ᠂ ᠬᠤᠲᠠ ᠶᠢᠨ ᠨᠣᠭᠤᠭᠠᠷᠠᠭᠤᠯᠤᠯᠲᠠ ᠳᠤ ᠬᠡᠷᠡᠭᠯᠡᠬᠦ | ᠭᠠᠵᠠᠷ ᠢ ᠲᠦᠷ ᠴᠠᠭ ᠡᠵᠡᠯᠡᠨ ᠬᠡᠷᠡᠭᠯᠡᠬᠦ᠂ ᠬᠤᠲᠠ ᠶᠢᠨ ᠵᠠᠮ ᠢᠶᠠᠷ ᠠᠭᠤᠳᠠᠯᠤᠨ ᠥᠩᠭᠡᠷᠡᠬᠦ᠂ ᠬᠤᠲᠠ | ᠪᠠᠯᠭᠠᠰᠤ ᠶᠢᠨ ᠪᠣᠬᠢᠷ ᠤᠰᠤ ᠶᠢ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠲᠤ ᠣᠷᠣᠭᠤᠯᠬᠤ ᠶᠢ | ᠵᠥᠪᠰᠢᠶᠡᠷᠡᠬᠦ ᠬᠢᠨᠠᠨ ᠵᠥᠪᠰᠢᠶᠡᠷᠡᠬᠦ ᠵᠡᠷᠭᠡ 14 ᠵᠦᠶ᠋ᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠶ᠋ᠯᠡᠴᠢᠯᠡᠭᠡ ᠳᠤ ︽ᠡᠭᠦᠳᠡ ᠪᠠᠨ ᠬᠠᠭᠠᠪᠠᠴᠤ ᠴᠣᠩᠬᠤ ᠪᠠᠨ ᠬᠠᠭᠠᠬᠤ ᠥᠬᠡᠶ︾ ᠠᠷᠭ᠎ᠠ ᠮᠠᠶ᠋ᠢᠭ ᠢ ᠠᠪᠴᠤ᠂ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠳᠠᠷᠤᠶ ᠭᠦᠶ᠋ᠴᠡᠳᠬᠡᠬᠦ ᠵᠦᠶ᠋ᠯ ᠢ 30%᠂ | ᠠᠮᠠᠯᠳᠠᠬᠤ ᠵᠦᠶ᠋ᠯ ᠤᠨ ᠴᠠᠭ ᠤᠨ ᠬᠢᠵᠠᠭᠠᠷ ᠢ 60% ᠠᠴᠠ ᠳᠡᠭᠡᠭᠰᠢ ᠪᠠᠭᠠᠰᠬᠠᠬᠤ᠂ ᠬᠠᠮᠤᠭ ᠠᠷᠪᠢᠨ ᠳᠠᠭᠠᠨ ᠨᠢᠭᠡ | ᠤᠳᠠᠭ᠎ᠠ ᠶᠠᠪᠤᠭᠤᠯᠬᠤ᠂ ᠤᠤᠯ ᠤᠨ ᠭᠦᠶ᠋ᠴᠡᠳᠬᠡᠬᠦ ᠠᠵᠢᠯ ᠤᠨ ᠡᠳᠦᠷ ᠢ ᠪᠠᠭᠠᠰᠬᠠᠬᠤ᠂ ᠰᠦᠯᠵᠢᠶ᠎ᠡ ᠪᠠᠷ | ᠭᠦᠶ᠋ᠴᠡᠳᠬᠡᠬᠦ ᠨᠣᠷᠮ᠎ᠠ ᠶᠢ 100% ᠳᠤ ᠬᠦᠷᠦᠭᠦᠯᠬᠦ︾ ᠵᠠᠷᠴᠢᠮ ᠢ ᠴᠢᠩᠭ᠎ᠠ ᠵᠢᠷᠤᠮᠯᠠᠨ᠂ ᠰᠠᠨᠠᠭᠠᠴᠢᠯᠠᠭᠠᠲᠤ ᠪᠤᠰᠤ | ᠦᠶ᠋ᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠦᠶ᠋ᠯᠡᠴᠢᠯᠡᠬᠦ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠠᠵᠢᠯ | ᠶᠠᠪᠤᠳᠠᠯ ᠭᠦᠶ᠋ᠴᠡᠳᠬᠡᠬᠦ ᠶᠢᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ | ︵ᠲᠠᠪᠤ︶ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠲᠦᠯᠬᠢᠨ | ᠠᠬᠢᠭᠤᠯᠵᠤ ᠬᠤᠳᠠ ᠪᠠᠯᠭᠠᠰᠤᠨ ᠤ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠳᠤᠲᠠᠭᠤᠳᠠᠯ ᠢ ᠨᠥᠬᠦᠪᠥᠷᠢᠯᠡᠬᠦ᠂ | ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ︽ᠬᠤᠲᠠ ᠶᠢᠨ ᠡᠪᠡᠳᠴᠢᠨ︾ ᠢ ᠵᠠᠰᠠᠬᠤ ᠵᠠᠷᠴᠢᠮ ᠶᠣᠰᠣᠭᠠᠷ᠂ ︽ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠰᠢᠨᠡᠴᠢᠯᠡᠯᠲᠡ ᠶᠢᠨ ᠠᠵᠢᠯ ᠤᠨ ᠲᠥᠰᠦᠯ︾ ᠢ | ᠲᠤᠭᠤᠷᠪᠢᠵᠤ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ᠂ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ ᠰᠢᠨ᠎ᠡ ᠪᠠᠷ ᠪᠠᠶᠢᠭᠤᠯᠬᠤ᠂ ᠪᠠᠯᠭᠠᠰᠤᠨ ᠤ ᠲᠣᠭᠤᠷᠢᠭ ᠲᠠᠬᠢ ᠬᠤᠲᠠ ᠶᠢᠨ | ᠶᠠᠪᠤᠳᠠᠯ ᠤᠨ ᠵᠠᠮ ᠢ ᠰᠡᠯᠪᠢᠨ ᠵᠠᠰᠠᠬᠤ᠂ ᠢᠯᠴᠢ ᠬᠠᠩᠭᠠᠬᠤ ᠲᠥᠬᠦᠭᠡᠷᠦᠮᠵᠢ ᠶᠢ ᠰᠢᠨᠡᠳᠬᠡᠬᠦ᠂ ᠠᠳᠠᠯ ᠠᠬᠤᠶ ᠶᠢᠨ | ᠬᠠᠮᠢᠶᠠᠷᠤᠯᠲᠠ ᠶᠢᠨ ᠵᠢᠵᠢᠭ ᠲᠣᠭᠤᠷᠢᠭ ᠢ ᠰᠢᠯᠢᠳᠡᠭᠵᠢᠭᠦᠯᠦᠨ ᠨᠡᠶᠢᠯᠡᠭᠦᠯᠬᠦ ᠵᠡᠷᠭᠡ ᠨᠢᠭᠡ ᠪᠦᠯᠦᠭ ᠰᠢᠨᠡᠴᠢᠯᠡᠯᠲᠡ ᠶᠢᠨ | ᠲᠥᠷᠥᠯ ᠵᠦᠶ᠋ᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠪᠠᠷ ᠳᠡᠮᠵᠢᠨ᠂ 2021 ᠣᠨ ᠤ ᠡᠴᠦᠰ ᠪᠣᠯᠬᠤ ᠳᠤ᠂ | ᠪᠥᠬᠦ ᠬᠤᠰᠢᠭᠤᠨ ᠤ ᠬᠤᠲᠠ ᠶᠢᠨ ᠰᠢᠨᠡᠴᠢᠯᠡᠯᠲᠡ ᠶᠢᠨ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ | ︵ᠵᠢᠷᠭᠤᠭ᠎ᠠ︶ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠳᠤᠮᠳᠠ | ᠵᠡᠷᠭᠡ ᠶᠢᠨ ᠪᠣᠯᠭᠠᠬᠤ ᠬᠠᠷᠠᠯᠲᠠ ᠶᠢ ᠨᠠᠶᠢᠳᠠᠪᠤᠷᠢᠵᠢᠭᠤᠯᠵᠤ ᠮᠠᠨ ᠤ ᠬᠤᠰᠢᠭᠤᠨ ᠤ ᠪᠠᠷᠢᠯᠭ᠎ᠠ ᠶᠢᠨ ᠦᠶ᠋ᠯᠡᠰ ᠤᠨ | ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠣᠷᠭᠢᠯ | ᠬᠡᠮᠵᠢᠭᠳᠡᠯ ᠤᠨ 2030 ᠣᠨ ᠳᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠣᠷᠭᠢᠯ ᠤᠨ | ᠬᠡᠮᠵᠢᠭᠳᠡᠯ ᠳᠤ ᠬᠦᠷᠭᠡᠵᠦ᠂ 2060 ᠣᠨ ᠳᠤ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠪᠡᠶᠡᠯᠡᠭᠦᠯᠬᠦ ᠪᠠᠷ | ᠬᠠᠷᠠᠯᠲᠠ ᠪᠣᠯᠭᠠᠵᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠨᠠᠶᠢᠳᠠᠪᠤᠷᠢᠵᠢᠭᠤᠯᠬᠤ ᠲᠤᠬᠠᠶ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ︵2021 ᠣᠨ — 2023 ᠣᠨ︶︾ ᠶᠢ ᠲᠣᠭᠲᠠᠭᠠᠪᠠ᠃ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠬᠦ ᠪᠠᠷ ᠳᠠᠮᠵᠢᠭᠤᠯᠤᠨ᠂ ᠳᠠᠬᠢᠨ ᠡᠭᠦᠰᠴᠦ ᠪᠣᠯᠬᠤ | ᠡᠨᠧᠷᠭᠢ ᠶᠢᠨ ᠪᠠᠷᠢᠯᠭ᠎ᠠ ᠶᠢᠨ ᠬᠦᠷᠢᠶ᠎ᠡ ᠴᠠᠷᠠᠭ᠎ᠠ ᠳᠠᠬᠢ ᠬᠡᠷᠡᠭᠯᠡᠯᠲᠡ ᠶᠢ ᠠᠬᠢᠭᠤᠯᠵᠤ᠂ ᠬᠤᠲᠠ ᠪᠠᠯᠭᠠᠰᠤ ᠶᠢᠨ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠨ ᠠᠷᠠᠴᠢᠯᠠᠬᠤ ᠶᠢ | ᠴᠢᠩᠭᠠᠳᠬᠠᠨ᠂ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠭ ᠨᠣᠪᠰᠢ ᠶᠢ ᠲᠥᠷᠥᠯ ᠬᠤᠪᠢᠶᠠᠨ ᠨᠡᠭᠦᠷᠡᠰᠦᠲᠥ᠋ᠷᠥᠭᠴᠢ ᠶᠢ | ᠬᠥᠷᠥᠰᠥᠨ ᠳᠤ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠮᠠᠨ ᠤ ᠬᠤᠰᠢᠭᠤᠨ ᠤ ᠣᠷᠣᠨ | ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠨᠡᠭᠦᠷᠡᠰᠦᠲᠥ᠋ᠷᠥᠭᠴᠢ ᠶᠢᠨ ᠣᠷᠭᠢᠯ ᠳᠤ ᠬᠥᠷᠬᠦ | ᠂ ᠨᠡᠭᠦᠷᠡᠰᠦᠲᠥ᠋ᠷᠥᠭᠴᠢ ᠶᠢᠨ ᠳᠤᠮᠳᠠ ᠪᠠ ᠴᠢᠨᠠᠷ ᠰᠠᠶᠢᠲᠠᠶ ᠬᠥᠭᠵᠢᠯᠲᠡ ᠶᠢ ᠡᠷᠲᠡᠬᠡᠨ ᠪᠡᠶᠡᠯᠡᠭᠦᠯᠬᠦ ᠶᠢ ᠠᠬᠢᠭᠤᠯᠤᠨ᠎ᠠ | ᠃ | ︵ᠳᠣᠯᠤᠭ᠎ᠠ︶ ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ ᠬᠤᠲᠠ ᠶᠢᠨ | ᠬᠠᠮᠢᠶᠠᠷᠤᠯᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ ᠬᠦᠴᠦᠨ ᠨᠡᠮᠡᠷᠢᠯᠡᠨ᠎ᠡ | ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠪᠠ ᠣᠯᠠᠨ ᠨᠡᠶᠢᠲᠡ ᠶᠢᠨ ᠡᠮᠬᠢ ᠳᠢᠭᠯᠢᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠮᠠᠨ ᠤ ᠲᠣᠪᠴᠢᠶ᠎ᠠ ᠶᠢᠨ | ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠤᠲᠠ ᠲᠣᠭᠲᠠᠭᠠᠬᠤ᠂ ᠲᠣᠭᠲᠠᠭᠰᠠᠨ ᠴᠡᠭ ᠲᠤ | ᠵᠢᠵᠢᠭᠦᠷᠯᠡᠨ ᠰᠠᠬᠢᠬᠤ᠂ ᠲᠣᠤᠷ ᠲᠠᠲᠠᠵᠤ ᠲᠣᠭᠤᠷᠢᠨ ᠪᠠᠶᠢᠴᠠᠭᠠᠬᠤ᠂ ᠠᠵᠤ ᠠᠬᠤᠶ ᠶᠢᠨ ᠰᠢᠳᠬᠡᠯ ᠥᠭᠬᠦ ᠵᠡᠷᠭᠡ | ᠣᠯᠠᠨ ᠵᠦᠶ᠋ᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠲᠡ 365 ᠵᠠᠮ ᠡᠵᠡᠯᠡᠨ ᠡᠵᠡᠩᠨᠡᠵᠦ ᠪᠠᠶᠢᠭ᠎ᠠ | ᠭᠠᠵᠠᠷ ᠢ ᠴᠡᠪᠡᠷᠯᠡᠵᠦ᠂ 125 ᠨᠡᠭᠦᠳᠡᠯ ᠳᠡᠯᠭᠡᠭᠦᠷ ᠤᠨ ᠴᠢᠬ ︵ᠤᠳᠠᠭ᠎ᠠ︶ ᠢ ᠵᠢᠷᠤᠮᠵᠢᠭᠤᠯᠤᠨ᠂ ᠵᠠᠮ ᠡᠵᠡᠯᠡᠨ | ᠡᠵᠡᠩᠨᠡᠵᠦ ᠪᠠᠶᠢᠭ᠎ᠠ 69 ᠲᠡᠷᠭᠡ ︵ᠤᠳᠠᠭ᠎ᠠ︶ ᠶᠢ ᠪᠠᠶᠢᠴᠠᠭᠠᠨ ᠰᠢᠶ᠋ᠳᠪᠦᠷᠢᠯᠡᠪᠡ᠃ ᠤᠯᠠᠷᠢᠯ ᠤᠨ ᠴᠢᠨᠠᠷᠲᠠᠶ ᠭᠤᠸ᠎ᠠ | ᠵᠢᠮᠢᠰ ᠢᠳᠡᠰᠢᠨ ᠨᠣᠭᠤᠭ᠎ᠠ ᠶᠢ ᠵᠠᠬ᠎ᠠ ᠳᠡᠯᠭᠡᠭᠦᠷ ᠲᠤ ᠭᠠᠷᠭᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠹᠦ᠋ ᠯᠸᠢ ᠶᠢᠨ ᠢᠯᠴᠢ ᠶᠢᠨ ᠬᠦᠴᠦᠨ ᠤ ᠭᠤᠳᠤᠮᠵᠢ ᠪᠠ ᠴᠠᠬᠢᠯᠭᠠᠨ ᠬᠦᠴᠦᠨ ᠤ | ᠵᠡᠭᠦᠨ ᠲᠠᠪᠴᠠᠩ ᠳᠤ ᠵᠠᠬ᠎ᠠ ᠳᠡᠯᠭᠡᠭᠦᠷ ᠤᠨ ᠵᠠᠭᠠᠭ ᠲᠡᠮᠳᠡᠭ ᠢ ᠳᠣᠭᠢᠷᠠᠭᠤᠯᠤᠨ ᠠᠷᠠᠳ ᠲᠤ ᠲᠥᠬᠦᠮ ᠦᠵᠡᠭᠦᠯᠬᠦ | ᠵᠠᠬ᠎ᠠ ᠳᠡᠯᠭᠡᠭᠦᠷ ᠪᠣᠯᠭᠠᠵᠤ᠂ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠢᠵᠢᠭᠦᠷᠯᠡᠭᠴᠢ ᠶᠢ | ᠳᠣᠭᠢᠷᠠᠭᠤᠯᠤᠨ ᠥᠷᠯᠥᠭᠡ ᠶᠢᠨ ᠵᠠᠬ᠎ᠠ ᠪᠠ ᠰᠥᠨᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠪᠠᠷᠢᠮᠵᠢᠶ᠎ᠠ ᠳᠤ | ᠬᠢᠨᠠᠯᠲᠠ ᠪᠠ ᠪᠠᠶᠢᠴᠠᠭᠠᠯᠲᠠ ᠬᠢᠯᠭᠡᠨ᠎ᠡ᠃ ᠡᠭᠦᠨ ᠤ ᠬᠠᠮᠲᠤ᠂ ︽ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠳᠤ | ︿ᠵᠡᠭᠡᠯᠢ ᠶᠢᠨ ᠳᠠᠷᠤᠭ᠎ᠠ ᠶᠢᠨ ᠳᠦᠷᠢᠮ﹀ ᠢ ᠬᠡᠷᠡᠭᠵᠢᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠠᠬᠢᠭᠤᠯᠬᠤ ᠬᠡᠷᠡᠭᠵᠢᠭᠦᠯᠬᠦ ᠲᠥᠰᠦᠯ︾ ᠢ ᠲᠤᠭᠤᠷᠪᠢᠵᠤ᠂ ︽ᠵᠡᠭᠡᠯᠢ ᠶᠢᠨ ᠳᠠᠷᠤᠭ᠎ᠠ ᠶᠢᠨ ᠲᠦᠷᠢᠮ︾ ᠤᠨ | ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠲᠤᠬᠠᠭᠠᠯᠭ᠎ᠠ ᠪᠠᠯᠭᠠᠰᠤ ᠶᠢᠨ ᠲᠣᠭᠤᠷᠢᠭ ᠲᠠᠬᠢ ᠬᠤᠲᠠ ᠶᠢᠨ | ᠳᠦᠷᠰᠦ ᠪᠠᠶᠢᠳᠠᠯ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠡᠳᠦᠷ ᠲᠤᠲᠤᠮ ᠤᠨ ᠬᠤᠲᠠ ᠶᠢᠨ | ᠠᠰᠠᠭᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠨᠠᠷᠢᠨ ᠨᠢᠮᠪᠠᠶ ᠪᠣᠯᠭᠠᠵᠤ᠂ ᠬᠤᠲᠠ ᠶᠢᠨ | ᠬᠠᠮᠢᠶᠠᠷᠤᠯᠲᠠ ᠶᠢᠨ ᠦᠵᠡᠯ ᠰᠠᠨᠠᠭ᠎ᠠ ᠶᠢ ᠲᠠᠰ ᠬᠤᠪᠢᠶᠠᠨ ᠰᠢᠶ᠋ᠳᠪᠦᠷᠢᠯᠡᠬᠦ ᠲᠣᠭᠲᠠᠴᠠ ᠶᠢ ᠪᠠᠶᠢᠭᠤᠯᠤᠨ᠂ | ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠲᠦᠷᠭᠡᠨ ᠰᠢᠶ᠋ᠳᠪᠦᠷᠢᠯᠡᠬᠦ ᠶᠢ ᠦᠨᠡᠨᠬᠦ ᠪᠠᠲᠤᠯᠠᠵᠤ᠂ ᠬᠤᠲᠠ ᠶᠢᠨ | ᠬᠠᠮᠢᠶᠠᠷᠤᠯᠲᠠ ᠶᠢᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠨ᠂ ᠬᠤᠲᠠ ᠶᠢᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠪᠣᠳᠠᠲᠠᠶ ᠶᠠᠮᠠᠷ ᠠᠵᠢᠯ ᠤᠨ | ᠲᠥᠯᠥᠪᠯᠡᠭᠡ ᠲᠠᠢ ᠪᠣᠶ︖ | ᠬᠦᠨᠳᠦᠲᠦ ᠵᠣᠴᠢᠨ | | ︵ᠨᠢᠭᠡ︶ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠵᠢᠯ ᠤᠨ | ᠡᠬᠢᠨ ᠳᠤ ᠲᠣᠭᠲᠠᠭᠠᠭᠰᠠᠨ ᠡᠭᠦᠷᠭᠡ ᠶᠢ ᠴᠢᠩᠭ᠎ᠠ ᠵᠢᠷᠤᠮᠯᠠᠨ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠦᠨᠡᠨᠬᠦ ᠠᠬᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠲᠣᠭᠲᠠᠭᠰᠠᠨ ᠴᠠᠭ ᠲᠤᠨᠢ | ᠠᠵᠢᠯ ᠢᠶᠠᠨ ᠡᠬᠢᠯᠡᠭᠦᠯᠵᠦ ᠰᠡᠷᠭᠦᠭᠡᠨ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠵᠢᠭᠰᠠᠭᠠᠵᠤ᠂ | ᠲᠥᠷᠥᠯ ᠵᠦᠶ᠋ᠯ ᠤᠨ ᠥᠮᠴᠢᠲᠡᠨ ᠢ ᠵᠣᠬᠢᠶᠠᠨ ᠪᠠᠶᠢᠭᠤᠯᠤᠨ ᠲᠥᠷᠥᠯ ᠵᠦᠶ᠋ᠯ ᠢ ᠬᠡᠷᠡᠭᠵᠢᠭᠦᠯᠬᠦ ᠵᠦᠶ ᠵᠣᠬᠢᠰᠲᠠᠶ | ᠲᠥᠯᠥᠪᠯᠡᠭᠡ ᠶᠢ ᠲᠣᠭᠲᠠᠭᠠᠵᠤ᠂ ᠲᠥᠷᠥᠯ ᠵᠦᠶ᠋ᠯ ᠤᠨ ᠲᠣᠭᠲᠠᠭᠰᠠᠨ ᠬᠤᠭᠤᠴᠠᠭᠠᠨ ᠳᠤ ᠣᠨ ᠤ ᠪᠥᠲᠥᠭᠡᠨ | ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠴᠤ ᠠᠷᠠᠴᠢᠯᠠᠬᠤ ᠶᠢ ᠰᠠᠶᠢᠲᠤᠷ ᠬᠢᠬᠦ | ᠬᠡᠷᠡᠭᠲᠡᠶ᠃ ᠴᠡᠴᠡᠷᠯᠢᠭ ᠤᠨ ᠠᠭᠤᠳᠠᠮ ᠲᠠᠯᠠᠪᠠᠶ ᠶᠢᠨ ᠨᠣᠭᠤᠭᠠᠷᠠᠭᠤᠯᠤᠯᠲᠠ ᠶᠢᠨ ᠨᠥᠬᠦᠵᠦ ᠳᠠᠷᠢᠬᠤ ᠨᠥᠬᠦᠵᠦ | ᠳᠠᠷᠢᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠵᠦ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠪᠠᠲᠤᠬᠠᠭᠠᠯᠭ᠎ᠠ ᠪᠠᠯᠭᠠᠰᠤᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ | ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠤᠨ᠂ ᠠᠷᠠᠴᠢᠯᠠᠨ ᠬᠠᠮᠠᠭᠠᠯᠠᠬᠤ ᠠᠵᠢᠯ ᠤᠨ ᠡᠷᠴᠢᠮ ᠢᠶᠠᠨ | ᠲᠠᠰᠤᠷᠠᠯᠲᠠ ᠥᠬᠡᠶ ᠴᠢᠩᠭᠠᠷᠠᠭᠤᠯᠵᠤ᠂ ᠣᠯᠠᠨ ᠲᠦᠮᠡᠨ ᠳᠤ ᠰᠠᠶᠢᠨ ᠰᠠᠶᠢᠬᠠᠨ ᠠᠮᠢᠳᠤᠷᠠᠯ ᠤᠨ ᠣᠷᠴᠢᠨ | ᠲᠣᠭᠤᠷᠢᠨ ᠢ ᠪᠣᠶ ᠪᠣᠯᠭᠠᠨ ᠥᠭᠴᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠵᠣᠯ | ᠵᠢᠷᠭᠠᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃ | ︵ᠭᠤᠷᠪᠠ︶ ᠨᠤᠷᠠᠬᠤ ᠠᠶᠤᠯᠲᠠᠶ ᠬᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠪᠡᠶᠡᠯᠡᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠠᠮᠤᠷ ᠲᠦᠪᠰᠢᠨ ᠤ ᠳᠠᠯᠳᠠ ᠬᠡᠮ ᠤᠨ ᠲᠦᠭᠰᠢᠭᠦᠷᠢ ᠣᠷᠣᠰᠢᠵᠤ | ᠪᠠᠶᠢᠬᠤ ᠶᠢ ᠠᠩᠬ᠎ᠠ ᠠᠯᠬᠤᠮ ᠮᠠᠭᠠᠳᠯᠠᠨ ᠲᠣᠭᠲᠠᠭᠠᠭᠰᠠᠨ ᠬᠡᠷ ᠪᠠᠶᠢᠰᠢᠩ ᠳᠤ ᠶᠠᠰᠤ ᠴᠢᠨᠠᠷ ᠲᠤ ᠬᠢᠨᠠᠯᠲᠠ ᠲᠠᠯᠪᠢᠬᠤ | ᠥᠷᠲᠡᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠤᠯᠠᠮ ᠨᠢᠭᠡ ᠠᠯᠬᠤᠮ ᠬᠢᠨᠠᠨ | ᠬᠠᠷᠭᠤᠭᠤᠯᠵᠤ ᠬᠢᠨᠠᠨ ᠲᠣᠭᠲᠠᠭᠠᠵᠤ᠂ ᠠᠮᠤᠷ ᠲᠦᠪᠰᠢᠨ ᠤ ᠳᠠᠯᠳᠠ ᠬᠡᠮ ᠦᠨᠡᠨ ᠬᠦ ᠣᠷᠣᠰᠢᠵᠤ ᠪᠠᠶᠢᠭ᠎ᠠ ᠬᠡᠷ | ᠪᠠᠶᠢᠰᠢᠩ ᠳᠤ ᠡᠬᠡ ᠲᠠᠩᠰᠠ ᠪᠠᠶᠢᠭᠤᠯᠤᠨ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠴᠠᠭ | ᠲᠤᠬᠠᠶ ᠳᠤᠨᠢ ᠴᠡᠭᠴᠡᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠶ᠃ | ︵ᠳᠥᠷᠪᠡ︶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠭᠠᠵᠠᠷ ᠪᠣᠯᠭᠠᠨ ᠳᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠬᠥᠮᠦᠨ ᠪᠣᠯᠭᠠᠨ ᠳᠦᠷᠢ ᠲᠥᠷᠬᠦ ᠶᠢᠨ ᠡᠯᠴᠢ᠂ | ᠮᠠᠨ ᠤ ᠲᠣᠪᠴᠢᠶ᠎ᠠ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠰᠤᠷᠲᠠᠯ ᠢᠶᠠᠨ | ᠢᠳᠡᠪᠬᠢᠲᠡᠶ ᠬᠤᠪᠢᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠰᠠᠨᠠᠭᠠᠴᠢᠯᠠᠭ᠎ᠠ ᠠᠴᠠ ᠪᠠᠨ ᠰᠣᠨᠣᠰᠴᠤ᠂ ᠵᠣᠷᠢᠭᠲᠠᠶ ᠪᠠᠷ ᠲᠦᠷᠦᠭᠦᠯᠡᠨ ᠬᠢᠵᠦ᠂ ᠵᠣᠷᠢᠭᠲᠠᠶ ᠪᠠᠷ | ᠦᠶ᠋ᠯᠡᠳᠦᠯᠭᠡᠵᠢᠭᠦᠯᠦᠨ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠥᠬᠦ ᠲᠠᠯ᠎ᠠ ᠶᠢᠨ ᠬᠦᠴᠦᠨ ᠢ ᠳᠠᠶᠢᠴᠢᠯᠠᠨ | ᠬᠠᠮᠤᠭ ᠤᠨ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠪᠥᠭᠡᠳ ᠴᠢᠨᠠᠷ ᠰᠠᠶᠢᠲᠠᠶ ᠬᠥᠭᠵᠢᠬᠦ ᠳᠤ ᠬᠦᠴᠦᠨ ᠨᠡᠮᠡᠷᠢᠯᠡᠨ᠎ᠡ᠃ | ︵ᠲᠠᠪᠤ︶ ᠨᠠᠷᠢᠯᠢᠭ ᠬᠤᠲᠠ ᠶᠢᠨ ᠰᠢᠨᠡᠴᠢᠯᠡᠯᠲᠡ ᠶᠢ ᠨᠠᠶᠢᠳᠠᠪᠤᠷᠢᠵᠢᠭᠤᠯᠤᠨ᠎ᠠ᠃ ᠡᠭᠦᠷᠭᠡ ᠶᠢ | ᠬᠤᠪᠢᠶᠠᠷᠢᠯᠠᠬᠤ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠬᠤᠳᠠ ᠶᠢᠨ ᠰᠢᠨᠡᠳᠬᠡᠬᠦ ᠠᠵᠢᠯ ᠢ ᠨᠠᠶᠢᠳᠠᠪᠤᠷᠢᠵᠢᠭᠤᠯᠤᠨ | ᠨᠠᠷᠢᠯᠢᠬᠵᠢᠭᠤᠯᠬᠤ ᠶᠢ ᠦᠨᠡᠨ ᠬᠦ ᠪᠠᠲᠤᠯᠠᠵᠤ᠂ ᠣᠷᠣᠨ ᠰᠠᠭᠤᠴᠠ ᠶᠢᠨ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ | ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠷᠵᠢᠭᠦᠯᠦᠯᠲᠡ ᠶᠢ ᠲᠡᠭᠦᠯᠳᠡᠷᠵᠢᠭᠦᠯᠵᠦ᠂ ᠬᠤᠳᠠ ᠶᠢᠨ ᠴᠢᠳᠠᠮᠵᠢ ᠪᠠ | ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠢᠬ ᠤᠨ ᠠᠵᠢᠯ ᠢ | ᠥᠷᠨᠢᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠬᠤ ᠶᠢᠨ ᠬᠡᠷᠡᠭᠵᠢᠭᠦᠯᠬᠦ ᠲᠥᠰᠦᠯ ᠢ ᠴᠢᠩᠭ᠎ᠠ ᠵᠢᠷᠤᠮᠯᠠᠨ᠂ | ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠢᠬ ᠤᠨ ᠠᠵᠢᠯ ᠢ ᠥᠷᠨᠢᠭᠦᠯᠵᠦ᠂ ᠣᠯᠠᠨ ᠰᠠᠯᠠᠭ᠎ᠠ | ᠮᠥᠴᠢᠷ ᠬᠠᠮᠵᠢᠯᠴᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ | ᠭᠤᠭᠴᠤᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠬᠤᠭ ᠨᠣᠪᠰᠢ ᠶᠢ ᠲᠥᠷᠥᠯ | ᠬᠤᠪᠢᠶᠠᠬᠤ ᠲᠤᠷᠰᠢᠯᠲᠠ ᠶᠢᠨ ᠴᠢᠬ ᠤᠨ ᠣᠷᠣᠨ ᠪᠦᠰᠡ ᠶᠢᠨ ᠰᠠᠭᠤᠭᠠᠯᠢ ᠠᠷᠠᠳ ᠤᠨ ᠵᠢᠱᠢᠭᠰᠡᠨ ᠬᠤᠭᠤᠴᠠᠭᠠᠨ ᠳᠤ | ᠪᠥᠬᠦ ᠡᠷᠦᠬᠡ ᠪᠠᠷ ᠢᠶᠠᠨ ᠣᠷᠣᠯᠴᠠᠬᠤ᠂ ᠲᠥᠷᠥᠯ ᠬᠤᠪᠢᠶᠠᠨ ᠰᠢᠶ᠋ᠳᠪᠦᠷᠢᠯᠡᠬᠦ ᠳᠤ ᠠᠯᠳᠠᠭ᠎ᠠ ᠥᠬᠡᠶ ᠪᠠᠶᠢᠬᠤ ᠶᠢ | ᠪᠠᠲᠤᠯᠠᠵᠤ᠂ ᠪᠥᠬᠦ ᠪᠠᠯᠭᠠᠰᠤ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠪᠠᠲᠤ ᠴᠢᠩᠭ᠎ᠠ | ᠲᠤᠷᠰᠢᠯᠭ᠎ᠠ ᠶᠢᠨ ᠰᠠᠭᠤᠷᠢ ᠶᠢ ᠲᠠᠯᠪᠢᠬᠤ ᠬᠡᠷᠡᠭᠲᠡᠶ᠃ | ︵ᠳᠣᠯᠤᠭ᠎ᠠ︶ ︽ᠵᠡᠭᠡᠯᠢ ᠶᠢᠨ ᠳᠠᠷᠤᠭ᠎ᠠ ᠶᠢᠨ ᠲᠦᠷᠢᠮ︾ ᠢ ᠡᠬᠢᠯᠡᠭᠦᠯᠬᠦ ᠶᠢ ᠲᠦᠷᠭᠡᠳᠬᠡᠨ | ᠠᠬᠢᠭᠤᠯᠤᠨ᠎ᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ᠵᠡᠭᠡᠯᠢ ᠶᠢᠨ ᠳᠠᠷᠤᠭ᠎ᠠ ᠶᠢᠨ ᠲᠦᠷᠢᠮ﹀ ᠢ | ᠬᠡᠷᠡᠭᠵᠢᠭᠦᠯᠵᠦ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ | ᠲᠥᠰᠦᠯ︾ ᠢ ᠬᠢᠨᠠᠮᠠᠭᠠᠶ ᠨᠠᠶᠢᠳᠠᠪᠤᠷᠢᠵᠢᠭᠤᠯᠤᠨ᠂ ᠪᠠᠯᠭᠠᠰᠤ ᠲᠣᠭᠤᠷᠢᠭ ᠤᠨ ︽ᠵᠡᠭᠡᠯᠢ ᠶᠢᠨ ᠳᠠᠷᠤᠭ᠎ᠠ ᠶᠢᠨ ᠲᠦᠷᠢᠮ | ︾ ᠤᠨ ᠬᠠᠮᠢᠶᠠᠷᠤᠯᠲᠠ ᠶᠢᠨ ᠣᠷᠣᠨ ᠪᠦᠰᠡ ᠶᠢ ᠵᠦᠶ ᠵᠣᠬᠢᠰᠲᠠᠶ ᠬᠤᠪᠢᠶᠠᠷᠢᠯᠠᠵᠤ᠂ ᠭᠤᠷᠪᠠᠳᠤᠭᠠᠷ ᠳᠡᠰ ᠤᠨ | ᠵᠡᠭᠡᠯᠢ ᠶᠢᠨ ᠳᠠᠷᠤᠭ᠎ᠠ ᠶᠢᠨ ᠲᠦᠷᠢᠮ ᠤᠨ ᠠᠵᠢᠯᠲᠠᠨ ᠵᠢᠴᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ | ᠵᠡᠭᠡᠯᠢ ᠶᠢᠨ ᠳᠠᠷᠤᠭ᠎ᠠ ᠶᠢᠨ ᠲᠦᠷᠢᠮ︾ ᠤᠨ ᠵᠢᠯᠣᠭᠤᠳᠤᠨ ᠳᠣᠭᠢᠷᠠᠭᠤᠯᠬᠤ ᠲᠥᠪ ᠪᠠᠶᠢᠭᠤᠯᠵᠤ᠂ ᠪᠠᠯᠭᠠᠰᠤ | ᠲᠣᠭᠤᠷᠢᠭ ᠤᠨ ᠬᠤᠲᠠ ᠶᠢᠨ ᠪᠥᠬᠦ ᠬᠦᠴᠦᠨ ᠵᠦᠶ᠋ᠯ ᠤᠨ ᠬᠠᠮᠢᠶᠠᠷᠤᠯᠲᠠ ᠶᠢᠨ ᠨᠠᠷᠢᠯᠢᠬᠵᠢᠭᠤᠯᠬᠤ᠂ ᠤᠶᠤᠨᠴᠢᠯᠠᠬᠤ | ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠢᠭᠡᠨᠲᠡ ᠲᠡᠭᠦᠰ | ᠠᠮᠵᠢᠯᠲᠠ ᠲᠠᠢ ᠲᠡᠭᠦᠰᠪᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠢᠷᠤᠭ ᠲᠥᠯᠥᠪᠯᠡᠭᠡ ᠶᠢ | ᠢᠷᠡᠭᠡᠳᠦᠢ ᠶᠢᠨ ᠬᠤᠭᠤᠴᠠᠭ᠎ᠠ ᠶᠢ ᠵᠢᠷᠤᠭᠯᠠᠨ᠎ᠠ᠂ ᠮᠠᠨ ᠤ ᠲᠣᠪᠴᠢ᠊ ᠡᠶ᠎ᠡ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠵᠦ᠂ ᠡᠷᠡᠯᠬᠡᠭᠯᠡᠨ ᠤᠷᠤᠭᠰᠢᠯᠠᠵᠤ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ | ᠠᠵᠠ ᠲᠣᠬᠢᠶᠠᠯ ᠢ ᠠᠮᠵᠢᠵᠤ᠂ ᠠᠬᠢᠴᠠ ᠶᠢ ᠠᠮᠵᠢᠵᠤ᠂ ᠳᠤᠲᠠᠭᠤᠳᠠᠯ ᠢ ᠨᠥᠬᠦᠪᠥᠷᠢᠯᠡᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠢᠨ᠎ᠡ ᠠᠶᠠᠨ ᠢᠶᠠᠨ ᠡᠬᠢᠯᠡᠭᠦᠯᠵᠦ᠂ ᠮᠠᠨ ᠤ ᠬᠤᠰᠢᠭᠤᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠡᠷᠡᠭᠦᠯ ᠬᠥᠭᠵᠢᠯᠲᠡ ᠳᠤ ᠪᠠᠲᠤ ᠰᠠᠭᠤᠷᠢ | ᠲᠠᠯᠪᠢᠵᠤ᠂ ᠦᠵᠡᠰᠬᠦᠯᠡᠩᠲᠦ ᠰᠠᠶᠢᠬᠠᠨ ᠰᠢᠨ᠎ᠡ ᠳ᠋ᠠ ᠮᠤᠤ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ | ᠲᠡᠮᠡᠴᠡᠨ᠎ᠡ︕ | |