ᠱᠢ ᠵᠦᠩ ᠴᠢᠨ ᠥᠪᠡᠷᠲᠡᠭᠡᠨ ᠵᠠᠰᠠᠬᠤ ᠣᠷᠣᠨ ᠤ 31 ᠳ᠋ᠦᠭᠡᠷ ᠬᠤᠭᠤᠴᠠᠭᠠᠨ ᠤ ᠨᠠᠭᠠᠳᠤᠮ ᠤᠨ ᠬᠤᠷᠠᠯ ᠤᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/7/8
     7 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ  ᠲᠡᠳ᠋ ᠱᠦᠵᠢ᠂ ᠬᠤᠰᠢᠭᠤᠨ ᠤ ᠣᠷᠣᠯᠠᠭᠴᠢ ᠳᠠᠷᠤᠭ᠎ᠠ ᠱᠢ ᠵᠦᠩ ᠴᠢᠨ ᠤᠷᠢᠳ ᠬᠤᠵᠢᠳ ᠬᠠᠶᠢᠷᠠᠭᠤᠳ ᠤᠨ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠬᠠᠰᠠᠭ ᠤᠯᠠᠨ ᠤᠯᠤᠰ ᠤᠨ ᠵᠣᠴᠢᠳ ᠤᠨ ᠪᠠᠭᠤᠳᠠᠯ ᠂ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠦᠵᠡᠭᠦᠯᠦᠯᠭᠡ ᠶᠢᠨ ᠲᠢᠩᠬᠢᠮ ᠳᠤ ᠭᠦᠨᠵᠡᠭᠡᠶᠢᠷᠡᠵᠦ᠂ ᠥᠪᠡᠷᠲᠡᠭᠡᠨ ᠵᠠᠰᠠᠬᠤ ᠣᠷᠣᠨ ᠤ 31 ᠳ᠋ᠦᠭᠡᠷ ᠬᠤᠭᠤᠴᠠᠭᠠᠨ ᠤ ᠨᠠᠭᠠᠳᠤᠮ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ  ᠵᠠᠩ ᠪᠠᠭᠠᠨ᠎ᠠ᠂ ᠳ᠋ᠦᠩ ᠺᠠᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
      ᠬᠠᠶᠢᠷᠠᠭᠤᠳ ᠤᠨ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ᠂ ᠱᠢ ᠵᠦᠩ ᠴᠢᠨ ᠬᠤᠷᠠᠯ ᠤᠨ ᠲᠠᠯᠠᠪᠠᠢ ᠶᠢᠨ ᠪᠠᠶᠢᠷᠢᠯᠠᠭᠤᠯᠤᠯᠲᠠ᠂ ᠡᠬᠢᠯᠡᠯᠲᠡ ᠶᠢᠨ ᠶᠣᠰᠣᠯᠠᠯ ᠤᠨ ᠲᠥᠰᠦᠪᠯᠡᠯ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠲᠣᠰ ᠬᠤᠭᠤᠴᠠᠭᠠᠨ ᠤ ᠨᠠᠭᠠᠳᠤᠮ ᠤᠨ ᠬᠤᠷᠠᠯ ᠢ ᠡᠷᠭᠢᠯᠡᠨ ᠬᠢᠬᠦ ᠪᠣᠯ ᠮᠠᠨ ᠤ ᠬᠤᠰᠢᠭᠤᠨ ᠤ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭ᠎ᠠ ᠡᠷᠭᠢᠯᠡᠬᠦ ᠴᠢᠳᠠᠪᠤᠷᠢ ᠶᠢᠨ ᠨᠢᠭᠡ ᠤᠳᠠᠭᠠᠨ ᠤ ᠰᠢᠯᠭᠠᠯᠲᠠ ᠪᠣᠯᠬᠤ ᠪᠥᠭᠡᠳ ᠪᠠᠰᠠ ᠴᠤ  ᠲᠠᠷᠬᠠᠨ ᠮᠤᠤᠮᠢᠩᠭᠠᠨ ᠤ ᠴᠤᠭ ᠵᠢᠪᠬᠤᠭ᠎ᠠ ᠶᠢ ᠤᠬᠠᠭᠤᠯᠬᠤ ᠪᠠ ᠢᠯᠡᠷᠡᠭᠦᠯᠬᠦ ᠣᠯᠳᠠᠰᠢ ᠥᠬᠡᠶ ᠵᠠᠪᠰᠢᠶᠠᠨ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠴᠢᠩᠭ᠎ᠠ ᠪᠥᠭᠡᠳ ᠴᠢᠩᠭ᠎ᠠ᠂ ᠪᠣᠳᠠᠲᠠᠢ ᠪᠥᠭᠡᠳ ᠪᠣᠳᠠᠲᠠᠢ ᠪᠠᠷ ᠰᠠᠶᠢᠲᠤᠷ ᠠᠳᠬᠤᠵᠤ᠂ ᠨᠠᠷᠢᠨ ᠨᠢᠮᠪᠠᠢ ᠤᠬᠠᠭᠠᠯᠠᠨ ᠲᠥᠰᠦᠪᠯᠡᠵᠦ᠂ ᠨᠠᠷᠢᠨ ᠨᠢᠭᠲᠠ ᠵᠣᠬᠢᠶᠠᠨ ᠪᠠᠶᠢᠭᠤᠯᠵᠤ᠂ ᠴᠢᠨᠠᠷ ᠰᠠᠶᠢᠲᠠᠢ᠂ ᠥᠨᠳᠥᠷ ᠲᠦᠪᠰᠢᠨ ᠢᠶᠠᠷ ᠲᠤᠰ ᠤᠳᠠᠭ᠎ᠠ ᠶᠢᠨ ᠠᠵᠢᠯᠯᠠᠭ᠎ᠠ ᠶᠢ ᠰᠠᠶᠢᠲᠤᠷ ᠡᠷᠬᠢᠯᠡᠬᠦ ᠬᠡᠷᠡᠭᠲᠡᠢ︔ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠨᠡᠨᠬᠦ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠢᠨᠠᠮᠠᠭᠠᠶ ᠰᠤᠳᠤᠯᠤᠨ ᠲᠣᠭᠲᠠᠭᠠᠵᠤ᠂ ᠠᠵᠢᠯᠯᠠᠭ᠎ᠠ ᠶᠢᠨ ᠬᠤᠭᠤᠴᠠᠭᠠᠨ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
      ᠬᠠᠰᠠᠷ ᠤᠯᠠᠨ ᠤᠯᠤᠰ ᠤᠨ ᠵᠣᠴᠢᠳ ᠤᠨ ᠪᠠᠭᠤᠳᠠᠯ ᠳᠤ᠂ ᠱᠢ ᠵᠦᠩ ᠴᠢᠨ ᠡᠵᠡᠩᠨᠡᠯᠲᠡ ᠶᠢᠨ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠬᠠᠷᠠᠯᠲᠠ ᠪᠠᠨ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠵᠢᠭᠰᠠᠭᠠᠵᠤ᠂ ᠫᠠᠶᠢᠰᠠ ᠡᠯᠭᠦᠨ ᠪᠠᠶᠢᠯᠳᠤᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠵᠣᠴᠢᠳ ᠤᠨ ᠪᠠᠭᠤᠳᠠᠯ ᠤᠨ ᠡᠵᠡᠩᠨᠡᠯᠲᠡ ᠪᠠᠨ ᠲᠦᠷᠭᠡᠬᠡᠨ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠪᠣᠯᠪᠠᠰᠤᠷᠠᠯ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ᠂ ᠲᠥᠬᠦᠭᠡᠷᠦᠮᠵᠢ ᠶᠢᠨ ᠪᠠᠶᠢᠴᠠᠭᠠᠨ ᠬᠡᠮᠵᠢᠯᠲᠡ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ︔ ᠣᠶᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠢᠳᠡᠪᠬᠢᠲᠡᠶ ᠦᠶ᠋ᠯᠡᠴᠢᠯᠡᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠴᠢᠩᠭᠠᠳᠬᠠᠨ᠂ ᠴᠡᠪᠡᠷ᠂ ᠲᠠᠭᠠᠯᠠᠮᠵᠢᠲᠠᠶ ᠂ ᠴᠡᠪᠡᠷ ᠴᠡᠮᠴᠡᠭᠡᠷ ᠪᠠᠭᠤᠳᠠᠯ ᠳᠤ ᠰᠠᠭᠤᠬᠤ ᠣᠷᠴᠢᠨ ᠲᠣᠭᠤᠷᠢᠨ ᠢ ᠦᠨᠡᠨᠬᠦ ᠪᠣᠶ ᠪᠣᠯᠭᠠᠬᠤ ᠬᠡᠷᠡᠭᠲᠡᠶ᠃
      ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠦᠵᠡᠭᠦᠯᠦᠯᠭᠡ ᠶᠢᠨ ᠲᠢᠩᠬᠢᠮ ᠳᠤ᠂ ᠱᠢ ᠵᠦᠩ ᠴᠢᠨ ᠦᠵᠡᠭᠦᠯᠦᠯᠭᠡ ᠶᠢᠨ ᠪᠡᠯᠡᠳᠬᠡᠯ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠪᠠ᠃ ᠲᠡᠷᠡ᠂ ᠮᠠᠨ ᠤ ᠬᠤᠰᠢᠭᠤ ᠪᠣᠯ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠬᠤ ᠠᠷᠢᠭᠤᠨ ᠣᠷᠣᠨ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠭᠦᠢᠴᠡᠳ ᠠᠭᠤᠳᠠᠯᠵᠤ᠂ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠦᠯᠢᠭᠡᠷ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠰᠠᠶᠢᠲᠤᠷ ᠶᠠᠷᠢᠵᠤ᠂ ᠨᠠᠮ ᠤᠨ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠠᠯ᠎ᠠ ᠨᠤᠲᠤᠭ ᠤᠨ ᠪᠠᠭᠠᠲᠤᠷᠴᠤᠳ ᠤᠨ ︽ᠬᠤᠪᠢᠰᠬᠠᠯ︾ ᠰᠢᠨ᠎ᠡ ᠨᠡᠷ᠎ᠡ ᠶᠢᠨ ᠬᠠᠭᠤᠳᠠᠰᠤ ᠶᠢ ᠢᠳᠡᠪᠬᠢᠲᠡᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号